ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠭᠤᠤᠯ ᠰᠡᠳ᠋ᠦᠪᠲᠦ ᠨᠠᠮ ᠤᠨ ᠡᠳ᠋ᠦᠷ ᠦᠨ ᠬᠦᠳ᠋ᠡᠯᠭᠡᠭᠡᠨ ᠵᠤᠬᠢᠶᠠᠨ ᠪᠠᠢ᠌ᠭᠤᠯᠵᠤ ᠦᠷᠨᠢᠭᠦᠯᠦᠭ᠍ᠰᠡᠨ

                   

                11ᠰᠠᠷ᠎ᠠ ᠶᠢᠨ20 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠡᠭᠦᠷ 《ᠰᠠᠬᠢᠯᠭ᠎ᠠ ᠪᠠᠳ᠋ᠦ ᠶᠤᠰᠤ ᠳᠦ᠋ᠷᠢ᠍ᠮ ᠢ ᠴᠢ᠍ᠩᠭ᠎ᠠ ᠰᠠᠬᠢᠵᠤ᠂ ᠤᠯᠤᠰ ᠲᠦ᠋ᠷᠦ ᠶᠢᠨ ᠠᠮᠢ ᠠᠬᠤᠢ ᠶᠢ ᠴᠡᠪᠡᠷᠰᠢ᠍ᠬᠦᠯᠬᠦ》 ᠭᠤᠤᠯ ᠰᠡᠲᠦᠪᠲᠦ ᠨᠠᠮ ᠤᠨ ᠡᠳ᠋ᠦᠷ ᠦᠨ ᠬᠦᠳ᠋ᠡᠯᠭᠡᠭᠡᠨ ᠵᠤᠬᠢᠶᠠᠨ ᠪᠠᠢ᠌ᠭᠤᠯᠵᠤ ᠦᠷᠨᠢᠭᠦᠯᠪᠡ᠃ ᠬᠦᠳ᠋ᠡᠯᠭᠡᠭᠡᠨ ᠢ ᠪᠠᠢ᠌ᠭᠤᠯᠭ᠎ᠠ ᠶᠢᠨ ᠨᠠᠮ ᠤᠨ ᠡᠭᠦᠷ ᠦᠨ ᠱᠦ᠋ᠵᠢ ᠯᠢ ᠴᠸᠩ ᠭᠦᠸᠸ ᠡᠷᠬᠢᠯᠡᠨ᠂ ᠪᠦᠬᠦ ᠨᠠᠮ ᠤᠨ ᠬᠡᠰᠢ᠍ᠬᠦᠨ ᠺᠠᠲᠷ ᠤᠷᠤᠯᠴᠠᠪᠠ᠃

                   

                  ᠯᠢ ᠴᠸᠩ ᠭᠦᠸᠸ ᠨᠦ᠋ᠭᠦᠷ ᠡᠴᠨ ᠰᠢ ᠵᠢᠨ ᠫᠢᠩ ᠶᠡᠷᠦᠩᠬᠡᠢ ᠱᠦ᠋ᠵᠢ ᠶᠢᠨ ᠠᠷᠪᠠ ᠶᠢ᠍ᠰᠦᠳ᠋ᠦᠭᠡᠷ ᠬᠤᠭᠤᠴᠠᠭᠠᠨ ᠤ ᠲᠦ᠋ᠪ ᠬᠤᠷᠢ᠍ᠶᠠᠨ ᠤ ᠤᠯᠤᠰ ᠲᠦ᠋ᠷᠦ ᠵᠢᠨ ᠲᠤᠪᠴᠢ᠍ᠶᠠᠨ ᠤ ᠵᠢᠷᠭᠤᠳ᠋ᠤᠭᠠᠷ᠂ ᠠᠷᠪᠠᠳ᠋ᠤᠭᠠᠷ᠂ ᠠᠷᠪᠠᠨ ᠨᠢ᠍ᠭᠡᠳ᠋ᠦᠭᠡᠷ᠂ ᠠᠷᠪᠠᠨ ᠲᠠᠪᠤᠳ᠋ᠤᠭᠠᠷ᠂ ᠠᠷᠪᠠᠨ ᠳᠤᠯᠤᠳ᠋ᠤᠭᠠᠷ ᠪᠠ ᠬᠤᠷᠢ᠍ᠨ ᠨᠢ᠍ᠭᠡᠳ᠋ᠦᠭᠡᠷ ᠤᠳ᠋ᠠᠭᠠᠨ ᠤ ᠲᠦ᠋ᠪᠯᠡᠷᠡᠨ ᠰᠤᠷᠤᠯᠴᠠᠬᠤ ᠦᠶ᠎ᠠ ᠳ᠋ᠡᠬᠢ ᠴᠢ᠍ᠬᠤᠯᠨ ᠶᠠᠷᠢ᠍ᠶᠠᠨ ᠤ ᠵᠤᠷᠢ᠍ᠭ ᠰᠠᠨᠠᠭ᠎ᠠ ᠶᠢ ᠨᠠᠷᠢ᠍ᠨ ᠬᠢᠨᠠᠮᠠᠭᠠᠢ ᠳᠠᠭᠠᠭᠤᠯᠤᠨ ᠰᠤᠷᠤᠯᠴᠠᠪᠠ᠃

                   

                ᠪᠦᠬᠦ ᠨᠠᠮ ᠤᠨ ᠬᠡᠰᠢ᠍ᠭᠦᠨ ᠺᠠᠲᠷ ᠡᠴᠨ ᠢᠯᠡᠷᠬᠡᠢ᠌ᠯᠡᠭ᠍ᠰᠡᠨ ᠨᠢ᠂ ᠤᠯᠤᠰ ᠲᠦ᠋ᠷᠦ ᠶᠢᠨ ᠤᠨᠤᠯ  ᠪᠠ ᠲᠤᠬᠠᠢ᠌ᠯᠠᠭᠰᠠᠨ ᠠᠵᠢ᠍ᠯ ᠤᠨ ᠰᠤᠷᠤᠯᠴᠠᠯᠭ᠎ᠠ ᠪᠠᠨ ᠲᠠᠰᠤᠷᠠᠯᠲᠠ ᠦᠭᠡᠶ ᠴᠢ᠍ᠩᠭ᠋ᠠᠳᠬᠠᠵᠤ᠂ ᠨᠠᠮ ᠤᠨ ᠰᠠᠬᠢᠯᠭ᠎ᠠ ᠪᠠᠳ᠋ᠦ ᠶᠤᠰᠤ ᠳᠦ᠋ᠷᠢ᠍ᠮ ᠢ ᠴᠢ᠍ᠩᠭ᠎ᠠ ᠰᠠᠬᠢᠨ᠂ ᠠᠵᠢ᠍ᠯ ᠤᠨ ᠤᠪᠤᠷ ᠰᠤᠷᠳ᠋ᠠᠯ ᠶᠢᠡᠨ ᠵᠠᠰᠠᠵᠤ ᠰᠠᠢ᠌ᠵᠢ᠍ᠷᠠᠭᠤᠯᠤᠨ᠂ ᠲᠤᠬᠠᠢ᠌ᠯᠠᠭᠰᠠᠨ ᠠᠵᠢ᠍ᠯ ᠶᠢᠡᠨ ᠯᠠᠪᠳ᠋ᠠᠭᠤᠨ ᠪᠠᠳ᠋ᠤᠲᠠᠢ ᠪᠡᠷ ᠰᠠᠢ᠌ᠳ᠋ᠤᠷ ᠬᠢᠵᠦ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠡᠯ᠎ᠠ ᠲᠠᠯ᠎ᠠ ᠶᠢᠨ ᠠᠵᠢ᠍ᠯ ᠶᠢᠨ ᠰᠢ᠍ᠨ᠎ᠠ ᠱᠠᠲᠤᠨ ᠳ᠋ᠦ ᠭᠠᠷᠬᠤ ᠶᠢ ᠲᠠᠰᠤᠷᠠᠯᠲᠠ ᠦᠭᠡᠶ ᠲᠦ᠋ᠯᠬᠢᠨ ᠠᠬᠢᠭᠤᠯᠤᠨ᠎ᠠ ᠭᠡᠵᠡᠢ᠃(ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠬᠤᠰᠢ᠍ᠭᠤᠨ ᠤ ᠨᠠᠮ ᠤᠨ ᠬᠤᠷᠢ᠍ᠶᠠᠨ ᠤ ᠪᠠᠢ᠌ᠩᠭ᠋ᠤ ᠶᠢᠨ ᠬᠤᠷᠢ᠍ᠶᠠᠨ ᠤ ᠲᠤᠰᠬᠠᠢ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠡᠴᠨ ᠡᠮᠦᠨᠡᠬᠢ ᠰᠠᠨᠠᠯ ᠬᠤᠷᠢ᠍ᠶᠠᠬᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠡᠴᠨ 《ᠤᠯᠤᠰ ᠲᠦᠷᠤ ᠶᠢᠨ ᠠᠮᠢ ᠠᠬᠤᠢ ᠶᠢ ᠴᠡᠪᠡᠷᠰᠢᠬᠦᠯᠬᠦ》ᠲᠤᠰᠬᠠᠢ ᠰᠡᠳᠤᠪᠳᠤ ᠨᠠᠮ ᠤᠨ ᠬᠢᠴᠢᠶᠠᠯ ᠲᠠᠢᠯᠪᠤᠷᠢᠯᠠᠪᠠ