ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠢᠴᠠᠭᠠᠬᠤ ᠲᠤᠭᠤᠢᠯᠠᠩ ᠡᠴᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠠᠵᠢᠯ ᠤᠨ ᠪᠠᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠬᠤ ᠬᠤᠷᠠᠯ ᠬᠤᠷᠠᠯᠳᠤᠭᠤᠯᠪᠠ


ᠲᠤᠰ ᠤᠳᠠᠭᠠᠨ ᠤ ᠴᠠᠭᠳᠠᠨ ᠪᠠᠢᠴᠠᠭᠠᠬᠤ ᠠᠵᠢᠯ ᠤᠨ ᠱᠠᠭᠠᠷᠳᠠᠯᠭ᠎ᠠ ᠶᠤᠰᠤᠭᠠᠷ᠂ 11ᠰᠠᠷ᠎ᠠ ᠶᠢᠨ 25᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠢᠴᠠᠭᠠᠬᠤ ᠲᠤᠭᠤᠢᠯᠠᠩ ᠡᠴᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠠᠵᠢᠯ ᠤᠨ ᠪᠠᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠬᠤ ᠬᠤᠷᠠᠯ ᠬᠤᠷᠠᠯᠳᠤᠭᠤᠯᠪᠠ᠂ ᠬᠤᠰᠢᠭᠤᠨ ᠤ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠢᠴᠠᠭᠠᠬᠤ ᠲᠤᠭᠤᠢᠯᠠᠩ ᠤᠨ ᠲᠠᠷᠤᠭ᠎ᠠ ᠰᠦᠨ ᠳ᠋ᠸ ᡁᠢ᠂ ᠲᠤᠭᠤᠢᠯᠠᠩ ᠤᠨ ᠲᠠᠳ᠋ ᠲᠠᠷᠤᠭ᠎ᠠ ᠹᠸᠩ ᠮᠸᠢ ᠵᠢᠴᠢ ᠴᠠᠭᠳᠠᠨ ᠪᠠᠢᠴᠠᠭᠠᠬᠤ ᠲᠤᠭᠤᠢᠯᠠᠩ ᠤᠨ ᠲᠤᠰᠬᠠᠢ ᠠᠵᠢᠯᠳᠠᠨ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠵᠢᠴᠢ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ᠂ ᠪᠠᠢᠩᠭᠤ ᠶᠢᠨ ᠬᠤᠷᠢᠶᠠᠨ ᠤ ᠡᠯ᠎ᠠ ᠠᠵᠢᠯ ᠤᠨ ᠵᠦᠪᠯᠡᠯ ᠤᠨ ᠡᠷᠬᠢᠯᠡᠭᠴᠢ᠂ ᠲᠠᠳ᠋ ᠡᠷᠬᠢᠯᠡᠭᠴᠢ ᠪᠠ ᠨᠠᠮ ᠤᠨ ᠡᠬᠦᠷ ᠤᠨ ᠪᠦᠷᠢᠯᠳᠤᠬᠦᠨ ᠭᠡᠰᠢᠬᠦᠨ ᠬᠠᠷᠢᠭᠤ ᠮᠡᠳᠡᠬᠦᠯᠤᠯᠳᠠ ᠶᠢᠨ ᠬᠤᠷᠠᠯ ᠳᠤ ᠤᠷᠤᠯᠴᠠᠵᠤ᠂ ᠭᠤᠷᠪᠠᠳᠤᠭᠠᠷ ᠴᠠᠭᠳᠠᠨ ᠪᠠᠢᠴᠠᠭᠠᠬᠤ ᠲᠤᠭᠤᠢᠯᠠᠩ ᠤᠨ ᠲᠠᠷᠤᠭ᠎ᠠ ᠰᠦᠨ ᠳ᠋ᠸ ᡁᠢ ᠬᠤᠷᠠᠯ ᠡᠷᠬᠢᠯᠡᠪᠡ᠃

ᠬᠤᠷᠠᠯ ᠲᠠᠭᠡᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠨᠦᠬᠦᠷ ᠡᠴᠨ ᠪᠠᠢᠭᠤᠯᠭ᠎ᠠ ᠶᠢᠨ ᠠᠵᠢᠯ ᠤᠨ ᠪᠤᠳᠠᠳᠠᠢ ᠲᠠᠢ ᠤᠶᠠᠯᠳᠤᠭᠤᠯᠤᠨ᠂ ᠤᠢᠷ᠎ᠠ ᠶᠢᠨ ᠭᠤᠷᠪᠠᠨ ᠵᠢᠯ ᠤᠨ ᠲᠤᠷᠰᠢᠬᠢ ᠨᠠᠮ ᠤᠨ ᠪᠠᠢᠭᠤᠯᠤᠯᠳᠠ ᠪᠠ ᠲᠤᠬᠠᠢᠯᠠᠭᠰᠨᠨ ᠠᠵᠢᠯ ᠦᠷᠨᠢᠬᠦᠯᠦᠭᠰᠨᠨ ᠶᠡᠷᠤᠩᠭᠡᠢ ᠪᠠᠢᠳᠠᠯ ᠢ ᠬᠠᠷᠢᠭᠤ ᠮᠡᠳᠡᠬᠦᠯᠤᠨ᠂ ᠤᠷᠤᠰᠢᠵᠤ ᠪᠠᠢᠭ᠎ᠠ ᠠᠰᠠᠭᠤᠳᠠᠯ ᠢ ᠬᠦᠨᠵᠡᠭᠡᠢ ᠡᠷᠢᠵᠤ᠂ ᠠᠰᠠᠭᠤᠳᠠᠯ ᠡᠬᠦᠰᠦᠭᠰᠨᠨ ᠰᠢᠯᠳᠠᠭᠠᠨ ᠢ ᠬᠦᠨᠵᠡᠭᠡᠢ ᠵᠠᠳᠠᠯᠬᠤ ᠶᠢᠨ ᠬᠠᠮᠳᠤ᠂ ᠲᠠᠷᠠᠭᠠᠴᠢ ᠶᠢᠨ ᠵᠠᠰᠠᠨ ᠰᠠᠢᠵᠢᠷᠠᠭᠤᠯᠬᠤ ᠠᠷᠭ᠎ᠠ ᠠᠠᠪᠴᠠᠯ ᠢ ᠲᠤᠷᠠᠳᠤᠨ ᠭᠠᠷᠭᠠᠪᠠ᠃

ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠯ᠎ᠠ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠡᠴᠨ ᠠᠵᠢᠯ ᠤᠨ ᠡᠬᠦᠷᠭᠡ ᠴᠢᠳᠠᠪᠬᠢ ᠡᠬᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠤᠢᠷ᠎ᠠ ᠶᠢᠨ ᠭᠤᠷᠪᠠᠨ ᠵᠢᠯ ᠤᠨ ᠡᠯ᠎ᠠ ᠲᠦᠷᠤᠯ ᠤᠨ ᠠᠵᠢᠯ ᠦᠷᠨᠢᠬᠦᠯᠦᠭᠰᠨᠨ ᠪᠠᠢᠳᠠᠯ᠂ ᠤᠷᠤᠰᠢᠵᠤ ᠪᠠᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠵᠢᠯ ᠤᠨ ᠲᠦᠯᠤᠪᠯᠡᠭᠡ ᠪᠠᠨ ᠲᠤᠰ ᠲᠤᠰ ᠬᠠᠷᠢᠭᠤ ᠮᠡᠳᠡᠬᠦᠯᠪᠠ᠃(ᠳ᠋ᠠᠢ ᠰᠢᠶᠦ᠋ᠩ)