ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠦᠢᠴᠡᠳᠭᠡᠬᠦ ᠠᠵᠢᠯ ᠦᠷᠨᠢᠬᠦᠯᠦᠭᠰᠨᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ

ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠬᠦᠢᠴᠡᠳᠭᠡᠬᠦ ᠠᠵᠢᠯ ᠦᠷᠨᠢᠬᠦᠯᠦᠭᠰᠨᠨ ᠪᠠᠢᠳᠠᠯ ᠢ ᠪᠦᠬᠦ ᠲᠠᠯ᠎ᠠ ᠪᠡᠷ ᠤᠢᠯᠠᠭᠠᠨ ᠡᠵᠡᠮᠳᠡᠵᠤ᠂ ᠬᠦᠢᠴᠡᠳᠭᠡᠬᠦ ᠬᠦᠴᠢᠷᠳᠠᠯ ᠢ ᠤᠯᠠᠮ ᠨᠢᠭᠡ ᠠᠯᠬᠤᠮ ᠰᠢᠢᠳᠪᠤᠷᠢᠯᠡᠨ᠂ ᠬᠠᠤᠯᠢ ᠴᠠᠭᠠᠵᠨ ᠶᠢᠨ ᠢᠳᠡᠬᠡᠬᠦᠯᠬᠦ ᠬᠦᠴᠤᠨ ᠢ ᠲᠠᠭᠡᠭᠰᠢᠯᠡᠬᠦᠯᠬᠦ ᠶᠢᠨ ᠲᠦᠯᠤᠭᠡ᠂ 11 ᠰᠠᠷ᠎ᠠ ᠶᠢᠨ 25᠋᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠦᠷᠡᠪᠠᠳᠤ ᠪᠠᠢᠴᠠᠭᠠᠨ ᠰᠤᠳᠤᠯᠬᠤ ᠲᠤᠭᠤᠢᠯᠠᠩ ᠶᠢᠠᠨ ᠲᠠᠭᠠᠭᠤᠯᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠬᠦᠢᠴᠡᠳᠭᠡᠬᠦ ᠠᠵᠢᠯ ᠦᠷᠨᠢᠬᠦᠯᠦᠭᠰᠨᠨ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠪᠡ᠃

ᠪᠠᠢᠴᠠᠭᠠᠨ ᠰᠤᠳᠤᠯᠬᠤ ᠲᠤᠭᠤᠢᠯᠠᠩ ᠡᠴᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠤᠢᠷ᠎ᠠ ᠶᠢᠨ ᠭᠤᠷᠪᠠᠨ ᠵᠢᠯ ᠤᠨ ᠬᠦᠢᠴᠡᠳᠭᠡᠬᠦ ᠠᠵᠢᠯ ᠦᠷᠨᠢᠬᠦᠯᠦᠭᠰᠨᠨ ᠪᠠᠢᠳᠠᠯ᠂ ᠤᠳᠤᠬᠠᠨ ᠤ ᠬᠦᠢᠴᠡᠳᠭᠡᠬᠦ ᠠᠵᠢᠯ ᠳᠤ ᠤᠷᠤᠰᠢᠵᠤ ᠪᠠᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠵᠢᠯ ᠤᠨ ᠲᠦᠯᠤᠪᠯᠡᠭᠡ ᠶᠢ ᠰᠤᠨᠤᠰᠬᠤ ᠶᠢᠨ ᠬᠠᠮᠳᠤ᠂ ᠲᠠᠷᠠᠭᠠᠴᠢ ᠶᠢᠨ ᠠᠵᠢᠯ ᠶᠢᠠᠨ ᠰᠠᠢᠳᠤᠷ ᠬᠢᠬᠦ ᠲᠤᠬᠠᠢ ᠰᠠᠨᠠᠯ ᠰᠠᠨᠠᠭᠤᠯᠭ᠎ᠠ ᠲᠤᠷᠠᠳᠪᠠ᠃

ᠪᠠᠢᠴᠠᠭᠠᠨ ᠰᠤᠳᠤᠯᠬᠤ ᠲᠤᠭᠤᠢᠯᠠᠩ ᠡᠴᠨ ᠴᠢᠬᠤᠯᠠᠴᠢᠯᠠᠭᠰᠨᠨ ᠨᠢ᠂ ᠠᠰᠠᠭᠤᠳᠠᠯ ᠶᠢᠠᠷ ᠤᠳᠤᠷᠢᠳᠤᠮᠵᠢ ᠪᠤᠯᠭᠠᠬᠤ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠨ᠂ ᠵᠢᠷᠤᠮᠵᠢᠯᠳᠠ᠂ ᠮᠡᠳᠡᠭᠡ ᠵᠠᠩᠬᠢᠵᠢᠯᠳᠠ ᠶᠢ ᠦᠷᠬᠦᠯᠵᠢᠯᠡᠨ ᠠᠬᠢᠭᠤᠯᠵᠤ᠂ ᠢᠯᠨ ᠪᠤᠳᠠᠳᠠᠢ ᠠᠷᠭ᠎ᠠ ᠮᠠᠶᠢᠭ ᠶᠢᠠᠷ ᠠᠵᠢᠯ ᠤᠨ ᠦᠷ᠎ᠠ ᠪᠦᠳᠤᠮᠵᠢ ᠶᠢ ᠲᠠᠰᠤᠷᠠᠯᠳᠠ ᠦᠭᠡᠢ ᠦᠷᠭᠡᠳᠭᠡᠨ᠂ ᠬᠦᠢᠴᠡᠳᠭᠡᠬᠦ ᠳᠤ ᠬᠦᠴᠢᠷ ᠠᠰᠠᠭᠤᠳᠠᠯ ᠢ ᠰᠢᠢᠳᠪᠤᠷᠢᠯᠡᠬᠦ ᠶᠢ ᠬᠦᠨᠵᠡᠭᠡᠢᠷᠡᠬᠦᠯᠤᠨ ᠠᠬᠢᠭᠤᠯᠬᠤ ᠭᠡᠷᠡᠭᠳᠡᠢ᠃ ᠬᠦᠢᠴᠡᠳᠭᠡᠬᠦ ᠡᠩᠨᠡᠭᠡ ᠶᠢᠨ ᠪᠦᠳᠤᠭᠡᠨ ᠪᠠᠢᠭᠤᠯᠤᠯᠳᠠ ᠶᠢ ᠴᠢᠩᠭᠠᠳᠬᠠᠵᠤ᠂ ᠠᠵᠢᠯ ᠤᠨ ᠤᠪᠤᠷ ᠰᠤᠷᠳᠠᠯ ᠶᠢᠠᠨ ᠬᠤᠪᠢᠷᠠᠭᠤᠯᠤᠨ᠂ ᠬᠦᠢᠴᠡᠳᠭᠡᠬᠦ ᠠᠵᠢᠯᠯᠠᠭ᠎ᠠ ᠪᠠᠨ ᠲᠦᠷᠢᠮᠵᠢᠬᠦᠯᠵᠤ᠂ ᠬᠦᠢᠴᠡᠳᠭᠡᠬᠦ ᠠᠵᠢᠯᠯᠠᠭ᠎ᠠ ᠶᠢᠨ ᠦᠵᠡᠯ ᠰᠠᠨᠠᠭᠠᠨ ᠤ ᠭᠡᠪ ᠴᠢᠨᠠᠷ ᠪᠠ ᠲᠤᠬᠠᠢᠯᠠᠭᠰᠨᠨ ᠠᠵᠢᠯ ᠤᠨ ᠴᠢᠳᠠᠪᠤᠷᠢ ᠶᠢ ᠲᠠᠭᠡᠭᠰᠢᠯᠡᠬᠦᠯᠤᠨ᠂ ᠨᠡᠩ ᠲᠤᠰᠬᠠᠢ ᠮᠡᠷᠭᠡᠰᠢᠭᠰᠡᠨ ᠬᠦᠢᠴᠡᠳᠭᠡᠬᠦ ᠡᠩᠨᠡᠭᠡ ᠶᠢ ᠪᠠᠢᠭᠤᠯᠬᠤ ᠭᠡᠷᠡᠭᠳᠡᠢ᠃ ᠰᠤᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠭ᠎ᠠ ᠪᠠ ᠬᠢᠨᠠᠯᠳᠠ ᠲᠠᠯᠪᠢᠬᠤ ᠤᠢᠯᠡᠳᠤᠯ ᠢ ᠬᠦᠢᠴᠡᠳ ᠠᠰᠢᠭᠯᠠᠵᠤ᠂ ᠬᠦᠢᠴᠡᠳᠭᠡᠬᠦ ᠠᠵᠢᠯ ᠤᠨ ᠪᠤᠳᠠᠳᠠᠢ ᠲᠠᠢ ᠤᠶᠠᠯᠳᠤᠭᠤᠯᠤᠨ᠂ ᠬᠠᠤᠯᠢ ᠲᠦᠷᠢᠮ ᠤᠨ ᠤᠬᠠᠭᠤᠯᠭ᠎ᠠ ᠬᠦᠮᠤᠵᠢᠯ ᠢ ᠴᠢᠩᠭᠠᠳᠬᠠᠨ᠂ ᠦᠨᠡᠨᠴᠢ ᠢᠳᠡᠭᠡᠮᠵᠢᠳᠠᠢ ᠪᠡᠷ ᠬᠠᠤᠯᠢ ᠶᠢ ᠰᠠᠬᠢᠬᠤ᠂ ᠲᠦᠪ ᠭᠤᠤᠯᠴᠢ ᠰᠢᠳᠤᠷᠭᠤ ᠶᠤᠰᠤᠨ ᠤ ᠶᠠᠷᠢᠶ᠎ᠠ ᠭᠡᠯᠡᠯᠴᠡᠭᠡᠨ ᠤ ᠠᠭᠤᠷ ᠠᠮᠢᠰᠬᠤᠯ ᠪᠠ ᠰᠠᠢᠨ ᠰᠠᠢᠬᠠᠨ ᠬᠦᠢᠴᠡᠳᠭᠡᠬᠦ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠳᠡᠢ ᠭᠡᠵᠡᠢ᠃(ᠳ᠋ᠠᠢ ᠰᠢᠶᠦ᠋ᠩ)