ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠪᠦᠬᠦ ᠬᠤᠰᠢ᠍ᠭᠤᠨ ᠤ ᠳᠤᠯᠤᠭ᠎ᠠ ᠲᠠᠪᠤ ᠬᠠᠤᠯᠢ ᠲᠦ᠋ᠭᠡᠮᠡᠯᠵᠢ᠍ᠬᠦᠯᠬᠦ ᠠᠵᠢ᠍ᠯ ᠢ ᠪᠠᠢ᠌ᠴᠠᠭᠠᠨ ᠰᠤᠳ᠋ᠤᠯᠤᠭᠰᠠᠨ

              ᠤᠢ᠌ᠷ᠎ᠠ ᠶᠢᠨ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠦᠷᠡᠪᠠᠲᠦ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠳᠠᠭᠠᠭᠤᠯᠤᠨ᠂ ᠪᠦᠬᠦ ᠬᠤᠰᠢ᠍ᠭᠤᠨ ᠤ《ᠳᠤᠯᠤᠭ᠎ᠠ ᠲᠠᠪᠤ 》ᠬᠠᠤᠯᠢ ᠲᠦ᠋ᠭᠡᠮᠡᠯᠵᠢ᠍ᠬᠦᠯᠬᠦ ᠠᠵᠢ᠍ᠯ ᠢ ᠪᠠᠢ᠌ᠴᠠᠭᠠᠨ ᠰᠤᠳ᠋ᠤᠯᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠊ᠤ ᠬᠢᠨᠠᠨ ᠪᠠᠢ᠌ᠴᠠᠭᠠᠬᠤ ᠪᠠ ᠬᠠᠤᠯᠢ ᠴᠠᠭᠠᠵᠠ ᠶᠢᠨ ᠵᠦ᠋ᠪᠯᠡᠯ ᠦᠨ ᠬᠠᠷᠢ᠍ᠭᠤᠴᠠᠯᠭᠠᠳ᠋ᠠᠨ ᠵᠢᠴᠢ ᠬᠤᠰᠢ᠍ᠭᠤᠨ ᠤ ᠬᠠᠮᠢ᠍ᠶ᠎ᠠ ᠪᠦᠬᠦᠢ ᠪᠠᠢ᠌ᠭᠤᠯᠭ᠎ᠠ ᠶᠢᠨ ᠤᠳ᠋ᠤᠷᠢ᠍ᠳ᠋ᠤᠯᠭ᠎ᠠ ᠪᠠᠢ᠌ᠴᠠᠭᠠᠨ ᠰᠤᠳ᠋ᠤᠯᠤᠯᠲᠠ ᠳ᠋ᠦ ᠤᠷᠤᠯᠴᠠᠪᠠ᠃

              

              ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠷᠢ᠍ᠳ ᠬᠤᠵᠢ᠍ᠳ ᠢᠦᠢ ᠯᠦ᠋ᠩ ᠨᠡᠢ᠌ᠭᠡᠮ ᠲᠤᠭᠤᠷᠢ᠍ᠭ᠂ ᠬᠠᠤᠯᠢ ᠲᠦ᠋ᠷᠢ᠍ᠮ ᠦᠨ ᠰᠤᠶᠤᠯ ᠤᠨ ᠲᠠᠯᠠᠪᠠᠢ᠂ ᠬᠤᠰᠢ᠍ᠭᠤᠨ ᠤ ᠬᠠᠤᠯᠢ ᠴᠠᠭᠠᠵᠠ ᠶᠢᠨ ᠲᠤᠪᠴᠢ᠍ᠶ᠎ᠠ ᠳ᠋ᠦ ᠬᠦᠷᠴᠦ᠂ ᠪᠤᠳ᠋ᠠᠳ᠋ᠠᠢ ᠭᠠᠵᠠᠷ ᠲᠤ ᠨᠢ ᠪᠠᠢ᠌ᠴᠠᠭᠠᠬᠤ᠂ ᠬᠠᠷᠢ᠍ᠭᠤ ᠮᠡᠳ᠋ᠡᠭᠦᠯᠦᠯᠲᠡ ᠶᠢ ᠰᠤᠨᠤᠰᠬᠤ᠂ ᠪᠢᠴᠢ᠍ᠭ᠌ ᠮᠠᠲ᠋ᠸᠷᠢ᠍ᠶᠠᠯ ᠢ ᠦᠵᠡᠬᠦ ᠵᠡᠷᠭᠡ ᠬᠡᠯᠪᠡᠷᠢ ᠪᠡᠷ᠂ ᠮᠠᠨ ᠤ ᠬᠤᠰᠢ᠍ᠭᠤᠨ ᠤ 《ᠲᠤᠯᠤᠭ᠎ᠠ ᠲᠠᠪᠤ》 ᠬᠠᠤᠯᠢ ᠲᠦ᠋ᠭᠡᠮᠡᠯᠵᠢ᠍ᠭᠦᠯᠬᠦ ᠲᠦ᠋ᠯᠦᠪᠵᠢ᠍ᠭᠦᠯᠭᠡ ᠶᠢᠨ ᠬᠡᠷᠡᠭ᠍ᠵᠢ᠍ᠭᠦᠯᠦᠯᠲᠡ᠂ ᠬᠠᠤᠯᠢ ᠲᠦ᠋ᠭᠡᠮᠡᠯᠵᠢ᠍ᠬᠦᠯᠬᠦ ᠠᠵᠢ᠍ᠯ ᠤᠨ ᠪᠤᠳ᠋ᠠᠳ᠋ᠤ ᠦᠷ᠎ᠠ ᠪᠦᠲᠦᠮᠵᠢ ᠪᠠ ᠤᠷᠤᠰᠢ᠍ᠵᠤ ᠪᠠᠢ᠌ᠭ᠎ᠠ ᠬᠦᠴᠢ᠍ᠷᠳ᠋ᠡᠯ ᠢ ᠨᠢ ᠨᠠᠷᠢ᠍ᠯᠢ᠍ᠭ ᠤᠢ᠌ᠯᠠᠭᠠᠪᠠ᠃

              

            ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠨ ᠱᠠᠭᠠᠷᠳ᠋ᠠᠭᠰᠠᠨ ᠨᠢ᠂ ᠡᠷᠭᠡᠪᠰᠢ ᠤᠯᠤᠭᠰᠠᠨ ᠦᠷ᠎ᠠ ᠪᠦᠲᠦᠮᠵᠢ ᠪᠠᠨ ᠪᠠᠳ᠋ᠤᠳᠬᠠᠨ᠂ ᠠᠵᠢ᠍ᠯ ᠤᠨ ᠴᠢ᠍ᠬᠤᠯᠨ ᠴᠢ᠍ᠨᠠᠷ᠂ ᠤᠷᠳ᠋ᠤ ᠬᠤᠭᠤᠴᠠᠭᠠᠲᠤ ᠴᠢ᠍ᠨᠠᠷ ᠤᠨ ᠲᠠᠨᠢᠯᠲᠠ ᠪᠠᠨ ᠲᠠᠰᠤᠷᠠᠯᠲᠠ ᠦᠭᠡᠶ ᠳᠡᠭᠡᠭ᠍ᠰᠢ᠍ᠯᠡᠭᠦᠯᠦᠨ᠂ ᠤᠳ᠋ᠤᠷᠢ᠍ᠳ᠋ᠤᠯᠭ᠎ᠠ ᠪᠠᠨ ᠴᠢ᠍ᠩᠭ᠋ᠠᠳᠬᠠᠵᠤ᠂ ᠬᠠᠤᠯᠢ ᠲᠦ᠋ᠭᠡᠮᠡᠯᠵᠢ᠍ᠬᠦᠯᠬᠦ ᠠᠵᠢ᠍ᠯ ᠤᠨ ᠬᠠᠷᠢ᠍ᠭᠤᠴᠠᠯᠭ᠎ᠠ ᠶᠢᠨ ᠲᠦ᠋ᠷᠢ᠍ᠮ ᠵᠢᠠᠨ ᠲᠡᠭᠦᠯᠳ᠋ᠡᠷᠵᠢ᠍ᠬᠦᠯᠬᠦ ᠬᠡᠷᠡᠭ᠍ᠲᠡᠢ᠃ ᠡᠷᠬᠡᠪᠰᠢ ᠤᠬᠠᠭᠤᠯᠭ᠎ᠠ ᠶᠢᠨ ᠬᠦᠴᠦᠨ ᠵᠢᠠᠨ ᠴᠢ᠍ᠩᠭ᠋ᠠᠳᠬᠠᠨ᠂ ᠤᠯᠠᠨ ᠲᠦ᠋ᠮᠡᠨ ᠦ ᠬᠠᠤᠯᠢ ᠴᠠᠭᠠᠵᠠ ᠶᠢᠨ ᠤᠬᠠᠮᠰᠠᠷ ᠢ ᠳᠡᠭᠡᠭ᠍ᠰᠢ᠍ᠯᠡᠬᠦᠯᠬᠦ ᠬᠡᠷᠡᠭ᠍ᠲᠡᠢ᠃ ᠡᠷᠬᠡᠪᠰᠢ ᠡᠩᠨᠡᠭᠡᠨ ᠦ ᠪᠦᠲᠦᠭᠡᠨ ᠪᠠᠢ᠌ᠭᠤᠯᠤᠯᠲᠠ ᠪᠠᠨ ᠴᠢ᠍ᠩᠭ᠋ᠠᠳᠬᠠᠨ᠂ ᠬᠠᠤᠯᠢ ᠲᠦ᠋ᠭᠡᠮᠡᠯᠵᠢ᠍ᠬᠦᠯᠬᠦ ᠬᠠᠤᠯᠢ ᠶᠤᠰᠤᠭᠠᠷ ᠵᠠᠰᠠᠬᠤ ᠠᠵᠢ᠍ᠯ ᠢ ᠭᠦᠨᠵᠡᠭᠡᠢ ᠲᠦ᠋ᠯᠬᠢᠨ ᠠᠬᠢᠭᠤᠯᠵᠤ᠂ ᠰᠢ᠍ᠨ᠎ᠠ ᠶᠢ ᠡᠭᠦᠳ᠋ᠦᠨ᠂ ᠨᠠᠢ᠌ᠳ᠋ᠠᠪᠦᠷᠢ᠍ᠵᠢ᠍ᠭᠤᠯᠤᠯᠲᠡ ᠶᠢ ᠴᠢ᠍ᠩᠭ᠎ᠠ ᠠᠳᠬᠤᠵᠤ᠂ ᠠᠵᠢ᠍ᠯ ᠵᠢᠠᠨ ᠯᠠᠪᠳ᠋ᠠᠭᠤᠨ ᠪᠠᠳ᠋ᠤᠲᠠᠢ ᠦᠷᠨᠢᠭᠦᠯᠦᠨ᠂ 《ᠲᠤᠯᠤᠭ᠎ᠠ ᠨᠢ᠋ᠮᠠ》 ᠬᠠᠤᠯᠢ ᠲᠦ᠋ᠭᠡᠮᠡᠯᠵᠢ᠍ᠬᠦᠯᠬᠦ ᠠᠵᠢ᠍ᠯ ᠤᠨ ᠡᠬᠢᠯᠡᠯᠲᠠ ᠳ᠋ᠦ ᠰᠠᠢ᠌ᠨ ᠰᠠᠭᠤᠷᠢ ᠲᠠᠯᠪᠢᠬᠤ ᠬᠡᠷᠡᠭ᠍ᠲᠡᠢ ᠭᠡᠵᠡᠢ᠃ (ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢ᠌ᠭᠤᠯᠭ᠎ᠠ ᠶᠢᠨ ᠨᠠᠮ ᠤᠨ ᠬᠡᠰᠢ᠍ᠬᠦᠨ ᠺᠠᠲᠷ ᠵᠡᠭᠡᠯᠢ ᠭᠤᠳ᠋ᠤᠮᠵᠢ ᠶᠢᠨ ᠴᠠᠰᠤ ᠮᠦ᠋ᠰᠦ ᠶᠢ ᠠᠷᠢ᠍ᠯᠭᠠᠬᠤ ᠠᠵᠢ᠍ᠯᠯᠠᠭ᠎ᠠ ᠦᠷᠨᠢᠭᠦᠯᠦᠭ᠍ᠰᠡᠨ
ᠳᠠᠷᠠᠭᠠᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠤᠭᠡᠷ ᠬᠤᠷᠠᠯ ᠬᠤᠷᠠᠯᠳᠤᠪᠠ