ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠺᠠᠳ᠋ᠷ ᠠᠵᠢᠯᠳᠠᠨ ᠤ ᠬᠤᠷᠠᠯ ᠬᠤᠷᠠᠯᠳᠤᠭᠤᠯᠪᠠ


         


        

        12 ᠰᠠᠷ᠎ᠠ ᠶᠢᠨ 7᠋ ᠤ ᠡᠳᠤᠷ᠂  ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠺᠠᠳ᠋ᠷ ᠠᠵᠢᠯᠳᠠᠨ ᠤ ᠬᠤᠷᠠᠯ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠳᠤ ᠤᠷᠤᠯᠴᠠᠪᠠ᠃ ᠲᠠᠳ᠋ ᠡᠷᠬᠢᠯᠡᠭᠴᠢ ᠪᠦ᠋ ᠮᠤᠤ ᠰᠢᠶᠠᠩ ᠬᠤᠷᠠᠯ ᠡᠷᠬᠢᠯᠡᠪᠡ᠃

        
            ᠡᠤ ᠴᠢᠩ ᠬᠠᠢ ᠱᠦᠵᠢ ᠵᠢᠭᠠᠵᠤ ᠭᠠᠷᠭᠠᠭᠰᠨᠨ ᠨᠢ᠂ ᠤᠢᠷ᠎ᠠ ᠶᠢᠨ ᠵᠢᠯ ᠳᠤ᠂ ᠵᠠᠷᠤᠤᠨ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠬᠦᠮᠤᠰ ᠤᠨ ᠠᠩᠬᠠᠷᠤᠯ ᠢ ᠲᠠᠳᠠᠮ᠎ᠡ ᠠᠮᠵᠢᠯᠳᠠ ᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠴᠤ ᠬᠤᠰᠢᠭᠤᠨ ᠤ ᠨᠠᠮ ᠤᠨ ᠬᠤᠷᠢᠶᠠᠨ ᠤ ᠬᠦᠴᠤᠳᠠᠢ ᠵᠢᠯᠤᠭᠤᠳᠤᠯᠭ᠎ᠠ ᠪᠠ《ᠨᠢᠭᠡ ᠤᠷᠳᠤᠨ ᠨᠢᠭᠡ ᠵᠦᠪᠯᠡᠯ ᠬᠤᠶᠠᠷ ᠬᠤᠷᠢᠶ᠎ᠠ》᠋ ᠶᠢᠨ ᠢᠳᠡᠪᠬᠢᠳᠠᠢ ᠬᠠᠮᠵᠢᠯᠴᠠᠭ᠎ᠠ ᠲᠤᠤᠷ᠎ᠠ᠂ ᠪᠠᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠤᠬᠦᠨ ᠭᠡᠰᠢᠬᠦᠨ ᠪᠠ ᠪᠦᠬᠦ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯᠳᠠᠨ ᠤ ᠴᠦᠬᠦᠷᠡᠰᠢ ᠦᠭᠡᠢ ᠴᠢᠷᠮᠠᠢᠯᠭ᠎ᠠ ᠪᠡᠷ ᠲᠠᠮᠵᠢᠨ᠂ ᠦᠷᠬᠦᠯᠵᠢᠯᠡᠨ ᠠᠵᠢᠯᠯᠠᠵᠤ᠂ ᠲᠤᠪᠤᠢᠮ᠎ᠠ ᠠᠮᠵᠢᠯᠳᠠ ᠤᠯᠵᠤ᠂ ᠵᠠᠷᠤᠤᠨ ᠬᠤᠰᠢᠭᠤᠨ ᠤ ᠠᠵᠤ ᠠᠬᠤᠢ ᠨᠡᠢᠭᠡᠮ ᠤᠨ  ᠴᠢᠨᠠᠷ ᠰᠠᠢᠳᠠᠢ ᠬᠦᠭᠵᠢᠯᠳᠠ ᠳᠤ ᠦᠵᠡᠬᠦᠯᠪᠠᠰᠤ ᠵᠤᠬᠢᠬᠤ ᠬᠤᠪᠢ ᠨᠡᠮᠡᠷᠢ ᠪᠠᠨ ᠦᠵᠡᠬᠦᠯᠪᠡ ᠭᠡᠵᠡᠢ᠃

        


        
             ᠡᠤ ᠴᠢᠩ ᠬᠠᠢ ᠱᠦᠵᠢ ᠱᠠᠭᠠᠷᠳᠠᠭᠰᠨᠨ ᠨᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠠᠵᠢᠯᠳᠠᠨ ᠠᠵᠢᠯ ᠤᠢᠯᠡᠰ ᠳᠡᠭᠡᠨ ᠲᠠᠭᠡᠳᠤ ᠭᠡᠮᠵᠢᠶ᠎ᠠ ᠪᠡᠷ ᠬᠠᠷᠢᠭᠤᠴᠠᠬᠤ ᠵᠤᠷᠢᠭ ᠰᠠᠨᠠᠭ᠎ᠠ᠂ ᠤᠷᠬᠢᠯᠤᠮ᠎ᠡ ᠰᠡᠳᠬᠢᠯᠭᠡ ᠪᠠ ᠠᠵᠢᠯ ᠤᠨ ᠡᠷᠴᠢ ᠵᠤᠷᠢᠭ ᠶᠢᠠᠷ ᠠᠵᠢᠯ ᠤᠢᠯᠡᠰ ᠶᠢᠠᠨ ᠲᠠᠭᠡᠳᠤᠯᠡᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠯᠠᠪᠳᠠᠭᠤᠨ ᠪᠠᠳᠤᠳᠠᠢ ᠠᠵᠢᠯᠯᠠᠬᠤ ᠭᠡᠷᠡᠭᠳᠡᠢ᠃ ᠬᠠᠰᠢ ᠶᠠᠰᠢ ᠪᠡᠷ ᠦᠩᠭᠡᠷᠡᠬᠦᠯᠬᠦ ᠨᠠᠵᠠᠭᠠᠢ ᠤᠪᠤᠷ ᠰᠤᠷᠳᠠᠯ ᠪᠠ ᠠᠵᠢᠯ ᠤᠨ ᠤᠪᠤᠷ ᠪᠠᠢᠳᠠᠯ ᠢ ᠲᠠᠪᠴᠢᠵᠤ᠂ ᠴᠤᠭ ᠰᠦᠯᠳᠠ ᠪᠠᠨ ᠪᠠᠳᠠᠷᠠᠭᠤᠯᠤᠨ᠂ ᠡᠷᠴᠢ ᠲᠠᠬᠦᠯᠳᠠᠷ ᠵᠤᠷᠢᠭ ᠰᠠᠨᠠᠭ᠎ᠠ ᠪᠡᠷ ᠪᠦᠬᠦ ᠵᠢᠯ ᠤᠨ ᠠᠵᠢᠯ ᠤᠨ ᠬᠠᠷᠠᠯᠳᠠ ᠡᠬᠦᠷᠭᠡ ᠪᠠᠨ ᠰᠠᠢᠳᠤᠷ ᠪᠠᠶᠡᠯᠡᠬᠦᠯᠬᠦ ᠭᠡᠷᠡᠭᠳᠡᠢ᠃ ᠤᠯᠤᠰ ᠲᠦᠷᠤ ᠶᠢᠨ ᠵᠤᠭᠰᠤᠯᠳᠠ ᠪᠠ ᠤᠯᠤᠰ ᠲᠦᠷᠤ ᠶᠢᠨ ᠤᠬᠠᠮᠰᠠᠷ ᠶᠢᠠᠨ ᠲᠠᠭᠡᠭᠰᠢᠯᠡᠬᠦᠯᠵᠤ᠂ ᠵᠦᠪ ᠠᠮᠢᠳᠤᠷᠠᠬᠤᠢ ᠶᠢᠨ ᠦᠵᠡᠯᠳᠠ᠂ ᠶᠢᠷᠳᠢᠨᠴᠤ ᠶᠢᠨ ᠦᠵᠡᠯᠳᠠ᠂ ᠦᠷᠳᠡᠭ ᠤᠨ ᠦᠵᠡᠯᠳᠠ ᠶᠢ ᠪᠠᠳᠤ ᠪᠠᠬᠢ ᠪᠤᠢ ᠪᠤᠯᠭᠠ᠂ ᠤᠬᠠᠮᠰᠠᠷ ᠡᠴᠨ ᠪᠠᠨ ᠨᠠᠮᠴᠢ ᠴᠢᠨᠠᠷ ᠤᠨ ᠪᠤᠯᠪᠠᠰᠤᠷᠠᠯ ᠪᠠ ᠬᠠᠤᠯᠢ ᠪᠡᠷ ᠵᠠᠰᠠᠬᠤ ᠭᠡᠪ ᠪᠤᠯᠪᠠᠰᠤᠷᠠᠯ ᠶᠢᠠᠨ ᠴᠢᠩᠭᠠᠳᠬᠠᠵᠤ᠂ ᠰᠢᠨ᠎ᠡ ᠴᠠᠭ ᠦᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠢᠳᠡᠪᠬᠢᠳᠠᠢ ᠪᠦᠭᠡᠳ ᠰᠠᠨᠠᠭᠠᠴᠢᠯᠠᠭ᠎ᠠ ᠲᠠᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃ 

        

        ᠬᠤᠷᠠᠯ ᠲᠠᠭᠡᠷ᠎ᠠ ᠪᠠᠰᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢᠨ ᠤᠨᠤᠯ ᠤᠨ ᠰᠤᠷᠤᠯᠴᠠᠯᠭ᠎ᠠ᠂ ᠲᠦᠯᠤᠭᠡᠯᠡᠭᠴᠢᠳ ᠤᠨ ᠪᠤᠯᠪᠠᠰᠤᠷᠠᠯ᠂ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠡᠷᠭᠡ ᠤᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠦᠷᠨᠢᠬᠦᠯᠬᠦ ᠲᠤᠬᠠᠢ ᠪᠤᠳᠠᠳᠠᠢ ᠪᠠᠢᠷᠢᠯᠠᠭᠤᠯᠤᠯᠳᠠ ᠬᠢᠪᠡ᠃

                                                                                                                          (ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠠ ᠤ ᠤᠳᠤᠷᠢᠳᠤᠯᠭ᠎ᠠ ᠲᠠᠭᠠᠭᠠᠴᠢᠯᠠᠭᠰᠨᠨ ᠭᠠᠵᠠᠷ ᠤᠷᠤᠨ ᠳᠤ ᠬᠦᠷᠴᠤ ᠠᠵᠢᠯ ᠢ ᠵᠢᠯᠤᠭᠤᠳᠤᠨ ᠠᠬᠢᠭᠤᠯᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠤᠳ᠋ᠤᠷᠢ᠍ᠳ᠋ᠤᠯᠭ᠎ᠠ ᠦᠨᠳ᠋ᠦᠰᠦᠨ ᠱᠠᠲᠤᠨ ᠤ ᠠᠵᠢ᠍ᠯ ᠳ᠋ᠥ ᠪᠠᠢ᠌ᠴᠠᠭᠠᠨ ᠰᠤᠳ᠋ᠤᠯᠤᠯᠲᠠ ᠬᠢᠪᠡ