ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢᠭᠤᠨ ᠊ᠤ ᠠᠷᠠᠳ ᠊ᠤᠨ ᠲᠦᠯᠦᠭᠡᠯᠡᠭᠴᠢᠳ᠁
ᠬᠤᠰᠢᠭᠤᠨ ᠊ᠤ ᠠᠷᠠᠳ ᠊ᠤᠨ ᠲᠦᠯᠦᠭᠡᠯᠡᠭᠴᠢᠳ ᠊ᠤᠨ ᠶᠡᠭᠡ ᠬᠤᠷᠠᠯ ᠊ᠤᠨ ᠪᠠᠢᠩᠭᠤ ᠵᠢᠨ ᠬᠤᠷᠢᠶ᠎ᠠ ᠪᠦᠬᠦ ᠬᠤᠰᠢᠭᠤᠨ ᠤ ᠲᠠᠪᠤᠨ ᠱᠠᠳᠤᠨ ᠤ ᠠᠷᠠᠳ ᠤᠨ ᠲᠦᠯᠤᠭᠡᠯᠡᠭᠴᠢ ᠶᠢᠨ ᠤᠯᠤᠰ ᠲᠦᠷᠥ ᠶᠢᠨ ᠤᠨᠤᠯ ᠤᠨ ᠲᠤᠰᠬᠠᠢ ᠰᠡᠳᠤᠪᠳᠤ ᠪᠤᠯᠪᠠᠰᠤᠷᠠᠯ ᠤᠨ ᠠᠩᠬᠢ ᠡᠷᠬᠢᠯᠡᠪᠡ

                  

                  12 ᠰᠠᠷ᠎ᠠ ᠶᠢᠨ18᠋ ᠤ ᠡᠳᠤᠷ᠂ᠬᠤᠰᠢᠭᠤᠨ᠋ ᠤ ᠠᠷᠠᠳ ᠊ᠤᠨ ᠲᠦᠯᠦᠭᠡᠯᠡᠭᠴᠢᠳ ᠊ᠤᠨ ᠶᠡᠭᠡ ᠬᠤᠷᠠᠯ ᠤᠨ ᠪᠠᠢᠩᠭᠤ ᠵᠢᠨ ᠬᠤᠷᠢᠶ᠎ᠠ ᠪᠦᠬᠦ ᠬᠤᠰᠢᠭᠤᠨ ᠤ ᠲᠠᠪᠤᠨ ᠱᠠᠳᠤᠨ ᠤ ᠠᠷᠠᠳ ᠤᠨ ᠲᠦᠯᠤᠭᠡᠯᠡᠭᠴᠢ ᠶᠢᠨ ᠤᠯᠤᠰ ᠲᠦᠷᠥ ᠶᠢᠨ ᠤᠨᠤᠯ ᠤᠨ ᠲᠤᠰᠬᠠᠢ ᠰᠡᠳᠤᠪᠳᠤ ᠪᠤᠯᠪᠠᠰᠤᠷᠠᠯ ᠤᠨ ᠠᠩᠬᠢ ᠡᠷᠬᠢᠯᠡᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ ᠪᠤᠯᠪᠠᠰᠤᠷᠠᠯ ᠤᠨ ᠠᠩᠬᠢ ᠳᠤ ᠰᠠᠭᠠᠳᠠᠵᠤ᠂ ᠪᠦᠬᠦ ᠬᠤᠰᠢᠭᠤᠨ ᠤ ᠲᠠᠪᠤᠨ ᠱᠠᠳᠤᠨ ᠤ ᠠᠷᠠᠳ ᠤᠨ ᠲᠦᠯᠤᠭᠡᠯᠡᠭᠴᠢ ᠨᠡᠢᠳᠠ 70 ᠢᠯᠡᠬᠦᠤ ᠬᠦᠮᠤᠰ ᠪᠤᠯᠪᠠᠰᠤᠷᠠᠯ ᠳᠤ ᠤᠷᠤᠯᠴᠠᠪᠠ᠃

                  


                  

                 ᠡᠤ ᠴᠢᠩ ᠬᠠᠢ ᠴᠢᠬᠤᠯᠠᠴᠢᠯᠠᠭᠰᠨᠨ ᠨᠢ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠠᠬᠮᠰᠠᠷ ᠢ ᠪᠠᠳᠤᠳᠬᠠᠬᠤ ᠳᠤ᠂ ᠡᠷᠬᠡᠪᠰᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠡᠯ᠎ᠠ ᠦᠨᠳᠤᠰᠤᠳᠠᠨ ᠤ ᠰᠤᠶᠤᠯ ᠰᠤᠯᠢᠯᠴᠠᠭ᠎ᠠ ᠶᠢ ᠠᠬᠢᠭᠤᠯᠬᠤ ᠶᠢ ᠪᠠᠷᠢᠮᠳᠠᠯᠠᠨ᠂ ᠠᠷᠠᠳ ᠤᠨ ᠲᠦᠯᠤᠭᠡᠯᠡᠭᠴᠢ ᠶᠢᠨ ᠤᠢᠯᠡᠳᠤᠯ ᠢ ᠨᠡᠩ ᠰᠠᠢᠨ ᠪᠠᠳᠠᠷᠠᠭᠤᠯᠬᠤ ᠭᠡᠷᠡᠭᠳᠡᠢ᠃ ᠠᠷᠠᠳ ᠤᠨ ᠲᠦᠯᠤᠭᠡᠯᠡᠭᠴᠢ ᠴᠢᠭᠯᠡᠯᠳᠠ ᠲᠦᠷᠤ ᠶᠢᠨ ᠪᠤᠳᠤᠯᠭ᠎ᠠ ᠶᠢ ᠰᠤᠷᠤᠯᠴᠠᠨ ᠡᠵᠡᠮᠰᠢᠵᠤ᠂ ᠦᠨᠳᠤᠰᠤᠳᠠᠨ ᠤ ᠠᠵᠢᠯ ᠢ ᠰᠠᠢᠳᠤᠷ ᠬᠢᠬᠦ ᠴᠢᠳᠠᠪᠤᠷᠢ ᠪᠠᠨ ᠲᠠᠭᠡᠭᠰᠢᠯᠡᠬᠦᠯᠤᠨ᠂ ᠬᠢᠨᠠᠯᠳᠠ ᠲᠠᠯᠪᠢᠬᠤ ᠤᠢᠯᠡᠳᠤᠯ ᠶᠢᠠᠨ ᠪᠠᠳᠠᠷᠠᠭᠤᠯᠵᠤ᠂ ᠦᠨᠳᠤᠰᠤᠳᠠᠨ ᠤ ᠬᠠᠤᠯᠢ ᠲᠦᠷᠢᠮ ᠤᠨ ᠲᠤᠭᠤᠰᠢᠯᠠᠭᠤᠯᠤᠨ ᠨᠠᠢᠳᠠᠪᠤᠷᠢᠵᠢᠭᠤᠯᠤᠯᠳᠠ ᠶᠢ ᠪᠠᠳᠤᠯᠠᠨ᠂ ᠦᠨᠳᠤᠰᠤᠨ ᠱᠠᠳᠤᠨ ᠳᠦ ᠬᠦᠨᠵᠡᠭᠡᠢᠷᠡᠵᠤ᠂ ᠴᠦᠭᠡᠨ ᠲᠤᠭᠠᠳᠤ ᠦᠨᠳᠤᠰᠤᠳᠠᠨ ᠤ ᠰᠠᠨᠠᠯ ᠱᠠᠭᠠᠷᠳᠠᠯᠭ᠎ᠠ ᠶᠢ ᠦᠷᠭᠡᠨ ᠶᠢᠠᠷ ᠰᠤᠨᠤᠰᠤᠨ᠂ ᠴᠢᠨᠠᠷ ᠰᠠᠢᠳᠠᠢ ᠵᠦᠪᠯᠡᠯᠭᠡ ᠰᠠᠨᠠᠯ ᠰᠠᠨᠠᠭᠤᠯᠭ᠎ᠠ ᠶᠢ ᠲᠤᠷᠠᠳᠬᠤ ᠭᠡᠷᠡᠭᠳᠡᠢ ᠭᠡᠵᠡᠢ᠃

                 

               ᠡᠤ ᠴᠢᠩ ᠬᠠᠢ ᠴᠢᠩᠭᠠᠳᠬᠠᠨᠭᠰᠨᠨ ᠨᠢ᠂ ᠠᠷᠠᠳ ᠤᠨ ᠲᠦᠯᠤᠭᠡᠯᠡᠭᠴᠢ ᠠᠷᠠᠳ ᠤᠨ ᠲᠤᠮᠳᠠ ᠡᠴᠨ ᠢᠷᠡᠵᠤ᠂ ᠠᠷᠠᠳ ᠲᠦᠮᠨᠨ ᠳᠤ ᠰᠠᠭᠤᠷᠢᠯᠠᠨ᠂ ᠨᠠᠮ ᠂ᠵᠠᠰᠠᠭ ᠤᠨ ᠤᠷᠳᠤᠨ ᠪᠠ ᠠᠷᠠᠳ ᠲᠦᠮᠨᠨ᠋ ᠤ ᠬᠤᠭᠤᠷᠤᠨᠳᠦᠬᠢ ᠬᠦᠭᠡᠷᠭᠡ ᠬᠤᠯᠪᠤᠭᠠᠰᠤ ᠪᠤᠯᠵᠤ᠂ ᠦᠨᠳᠤᠰᠤᠳᠠᠨ ᠤ ᠪᠦᠯᠬᠦᠮᠳᠠᠯ ᠤᠨ ᠬᠤᠯᠪᠤᠭᠠᠰᠤ ᠶᠢᠨ ᠤᠢᠯᠡᠳᠤᠯ ᠢ ᠬᠦᠢᠴᠡᠳ ᠪᠠᠳᠠᠷᠠᠭᠤᠯᠬᠤ ᠭᠡᠷᠡᠭᠳᠡᠢ ᠭᠡᠵᠡᠢ᠃

                 

               ᠪᠤᠯᠪᠠᠰᠤᠷᠠᠯ ᠲᠠᠭᠡᠷ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠡᠤ ᠮᠸᠢ ᠷᠦᠩ ᠡᠴᠨ《ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤ ᠪᠡᠬᠢ ᠪᠤᠢ ᠪᠤᠯᠭᠠᠵᠤ᠂ ᠠᠭᠤᠤ ᠶᠠᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠪᠠᠶᠠᠯᠡᠬᠦᠯᠬᠦ ᠪᠡᠷ ᠴᠢᠷᠮᠠᠢᠶ᠎ᠠ》ᠭᠡᠬᠦ ᠭᠤᠤᠯ ᠰᠡᠳᠤᠪ ᠶᠢᠠᠷ《ᠨᠠᠮ ᠤᠨ ᠲᠦᠷᠢᠮ》᠋ ᠤᠨ ᠦᠨᠳᠤᠰᠤᠳᠠᠨ ᠤ ᠪᠦᠯᠬᠦᠮᠳᠠᠯ ᠤᠨ ᠲᠤᠬᠠᠢ ᠠᠭᠤᠯᠭ᠎ᠠ ᠶᠢ ᠰᠤᠷᠤᠯᠴᠠᠬᠤ᠂ ᠮᠠᠨ ᠤ ᠤᠯᠤᠰ ᠤᠨ ᠦᠨᠳᠤᠰᠤᠳᠠᠨ ᠤ ᠠᠵᠢᠯ ᠤᠨ ᠲᠤᠯᠭᠠᠷᠠᠵᠤ ᠪᠠᠢᠭ᠎ᠠ ᠤᠯᠤᠰ ᠤᠨ ᠲᠤᠳᠤᠭᠠᠳᠤ ᠭᠠᠳᠠᠭᠠᠳᠤ ᠶᠢᠨ ᠪᠠᠢᠳᠠᠯ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤ ᠪᠡᠬᠢ ᠪᠤᠢ ᠪᠤᠯᠭᠠᠵᠤ ᠰᠢᠨ᠎ᠡ ᠴᠠᠭ ᠦᠶ᠎ᠠ ᠶᠢᠨ ᠠᠵᠢᠯ ᠢ ᠰᠠᠢᠳᠤᠷ ᠬᠢᠬᠦ ᠵᠡᠷᠭᠡ  ᠶᠢᠨ ᠲᠤᠭᠤᠷᠢᠨ ᠳᠤ ᠪᠦᠬᠦ ᠲᠠᠯ᠎ᠠ ᠶᠢᠨ ᠨᠠᠷᠢᠯᠢᠭ ᠲᠠᠢᠯᠪᠤᠷᠢᠯᠠᠯᠳᠠ ᠬᠢᠪᠡ᠃ ᠪᠦᠬᠦᠳᠡᠭᠡᠷ ᠶᠢᠠᠨ ᠬᠤᠢᠰᠢᠳᠠ ᠶᠢᠨ ᠠᠵᠢᠯ ᠲᠤᠮᠳᠠ ᠰᠢ ᠵᠢᠨ ᠫᠢᠩ ᠶᠡᠷᠤᠩᠭᠡᠢ ᠱᠦᠵᠢ ᠶᠢᠨ ᠦᠨᠳᠤᠰᠤᠳᠠᠨ ᠤ ᠠᠵᠢᠯ ᠤᠨ ᠴᠢᠬᠤᠯᠨ ᠦᠬᠦᠯᠡᠯ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠭᠳᠠᠭᠤᠨ ᠢ ᠡᠷᠡᠰ ᠪᠠᠬᠢᠵᠢᠬᠦᠯᠵᠤ᠂ ᠠᠷᠠᠳ ᠤᠨ ᠲᠦᠯᠤᠭᠡᠯᠡᠭᠴᠢ ᠶᠢᠨ ᠡᠬᠦᠷᠭᠡ ᠲᠤᠰᠢᠶᠠᠯ ᠶᠢᠠᠨ ᠬᠦᠢᠴᠡᠳᠭᠡᠬᠦ ᠴᠢᠳᠠᠪᠤᠷᠢ ᠶᠢ ᠲᠠᠭᠡᠭᠰᠢᠯᠡᠬᠦᠯᠤᠨ᠂ ᠨᠡᠩ ᠴᠢᠩᠭ᠎ᠠ ᠡᠬᠦᠷᠭᠡ ᠬᠠᠷᠢᠭᠤᠴᠠᠯᠭ᠎ᠠ᠂ ᠨᠡᠩ ᠬᠠᠳᠠᠭᠤ ᠴᠢᠩᠭ᠎ᠠ ᠭᠡᠪ ᠴᠢᠨᠠᠷ ᠤᠨ ᠴᠢᠳᠠᠪᠤᠷᠢ ᠪᠡᠷ ᠦᠨᠳᠤᠰᠤᠳᠠᠨ ᠤ ᠪᠦᠯᠬᠦᠮᠳᠠᠯ ᠤᠨ ᠲᠠᠪᠰᠢᠯᠳᠠ ᠶᠢ ᠡᠬᠦᠳᠤᠨ ᠪᠠᠢᠭᠤᠯᠬᠤ  ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠬᠤ ᠳᠤ ᠬᠦᠴᠤᠨ ᠨᠡᠮᠡᠷᠢ ᠪᠠᠨ ᠦᠵᠡᠬᠦᠯᠤᠨ᠎ᠡ ᠭᠡᠵᠤ ᠢᠯᠡᠷᠭᠡᠢᠯᠡᠵᠡᠭᠡᠪᠡ᠃

              
                   ᠪᠤᠯᠪᠠᠰᠤᠷᠠᠯ ᠲᠠᠭᠡᠷ᠎ᠠ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢ ᠡᠤ ᠶᠦᠨ ᠪᠦᠸᠸ ᠡᠴᠨ ᠤᠪᠤᠷ ᠶᠢᠠᠨ ᠢᠯᠡᠳᠭᠡᠬᠦ ᠶᠠᠷᠢᠶ᠎ᠠ ᠬᠢᠬᠦ ᠶᠢᠨ ᠬᠠᠮᠳᠤ᠂ ᠲᠦᠯᠤᠭᠡᠯᠡᠭᠴᠢ ᠶᠢᠨ ᠠᠵᠢᠯ ᠦᠷᠨᠢᠬᠦᠯᠦᠭᠰᠨᠨ ᠪᠠᠢᠳᠠᠯ ᠪᠠ ᠤᠷᠤᠰᠢᠵᠤ ᠪᠠᠢᠭ᠎ᠠ ᠠᠰᠠᠭᠤᠳᠠᠯ ᠳᠤ ᠪᠠᠨ ᠬᠦᠨᠵᠡᠭᠡᠢ ᠵᠠᠳᠠᠯᠤᠯᠳᠠ ᠬᠢᠪᠡ᠃(ᠳ᠋ᠠᠢ ᠰᠢᠶᠦ᠋ᠩ)

ᠡᠮᠦᠨᠡᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠤᠭᠡᠷ ᠬᠤᠷᠠᠯ ᠬᠤᠷᠠᠯᠳᠤᠪᠠ
ᠳᠠᠷᠠᠭᠠᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠪᠠ