ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ᠁
ᠬᠤᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠤᠳ᠋ᠤᠷᠢ᠍ᠳ᠋ᠤᠯᠭ᠎ᠠ ᠦᠨᠳ᠋ᠦᠰᠦᠨ ᠱᠠᠲᠤᠨ ᠤ ᠠᠵᠢ᠍ᠯ ᠳ᠋ᠥ ᠪᠠᠢ᠌ᠴᠠᠭᠠᠨ ᠰᠤᠳ᠋ᠤᠯᠤᠯᠲᠠ ᠬᠢᠪᠡ


        
           12 ᠰᠠᠷ᠎ᠠ ᠶᠢᠨ 23᠋ ᠤ ᠡᠳ᠋ᠦᠷ᠂ ᠬᠤᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢ᠌ᠯᠠᠩ ᠤᠨ ᠱᠦ᠋ᠵᠢ ᠡᠦ ᠴᠢ᠍ᠩ ᠬᠠᠢ ᠪᠠᠶᠠᠷᠲᠤᠬᠤᠰᠢ᠍ᠭᠤ ᠪᠠᠯᠭᠠᠰᠤ᠂ ᠤᠯᠠᠭᠠᠨᠬᠠᠳ᠋ᠠ ᠰᠤᠮᠤ ᠳᠤ ᠬᠦᠷᠴᠦ᠂ ᠶᠠᠳ᠋ᠠᠭᠤ ᠡᠴᠡ ᠠᠩᠭᠢᠵᠢ᠍ᠷᠠᠭᠤᠯᠬᠤ ᠪᠣᠭᠣᠮᠲᠠ ᠰᠢ᠍ᠪᠲᠤᠯᠬᠤ᠂ ᠭᠠᠴᠠᠭ᠎ᠠ ᠲᠣᠰᠬᠣᠨ ᠤ《ᠬᠣᠶᠠᠷ ᠵᠥᠪᠯᠡᠯ》᠋ ᠤᠨ ᠬᠤᠭᠤᠴᠠᠭ᠎ᠠ ᠰᠣᠯᠢ᠍ᠬᠤ᠂ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠥᠯᠥᠭᠡᠯᠡᠭ᠍ᠴᠢ ᠶᠢᠨ ᠲᠤᠰᠢ᠍ᠶᠠᠯ ᠬᠠᠷᠢ᠍ᠭᠤᠴᠠᠯᠭ᠎ᠠ ᠪᠠᠨ ᠭᠦᠶ᠍ᠴᠡᠳᠬᠡᠬᠦ ᠵᠡᠷᠭᠡ ᠠᠵᠢ᠍ᠯ ᠳ᠋ᠥ ᠪᠠᠢ᠌ᠴᠠᠭᠠᠨ ᠰᠤᠳ᠋ᠤᠯᠤᠯᠲᠠ ᠬᠢᠪᠡ᠃ 

        
           ᠪᠠᠶᠠᠷᠳ᠋ᠤᠬᠤᠰᠢ᠍ᠭᠤ ᠪᠠᠯᠭᠠᠰᠤ᠂ ᠤᠯᠠᠭᠠᠨᠬᠠᠳ᠋ᠠ ᠰᠤᠮᠤ ᠶᠢᠨ ᠨᠠᠮ ᠤᠨ ᠬᠣᠷᠢ᠍ᠶ᠎ᠠ᠂ ᠵᠠᠰᠠᠭ ᠤᠨ ᠣᠷᠳ᠋ᠣᠨ ᠤ ᠭᠣᠤᠯ ᠬᠠᠷᠢ᠍ᠭᠤᠴᠠᠯᠭᠠᠲᠠᠨ ᠨᠥᠬᠥᠳ ᠪᠠᠷ᠎ᠠ ᠪᠣᠯᠵᠣ ᠪᠠᠢ᠌ᠴᠠᠭᠠᠨ ᠰᠤᠳ᠋ᠤᠯᠤᠯᠲᠠ ᠬᠢᠪᠠ᠃ ᠪᠠᠶᠠᠷᠳ᠋ᠤᠬᠤᠰᠢ᠍ᠭᠤ ᠪᠠᠯᠭᠠᠰᠤᠨ ᠤ ᠳᠥᠷᠪᠡᠯᠵᠢ ᠭᠠᠴᠠᠭᠠᠨ ᠤ ᠨᠠᠮ ᠤᠨ ᠵᠣᠬᠢᠶᠠᠨ ᠪᠠᠢ᠌ᠭᠤᠯᠤᠯᠲᠠ ᠶᠢᠨ ᠬᠤᠭᠤᠴᠠᠭ᠎ᠠ ᠰᠣᠯᠢ᠍ᠬᠤ《ᠬᠣᠶᠠᠷ ᠢ ᠲᠠᠨᠢ᠍ᠯᠴᠠᠭᠤᠯᠬᠤ》 ᠬᠤᠷᠠᠯ ᠤᠨ ᠠᠬᠤᠶ ᠲᠠᠯᠠᠪᠠᠶ ᠳᠤ᠂ ᠡᠤ ᠴᠢ᠍ᠩ ᠬᠠᠢ ᠨᠥᠬᠥᠷ ᠭᠠᠴᠠᠭᠠᠨ ᠤ《ᠬᠣᠶᠠᠷ ᠵᠥᠪᠯᠡᠯ》᠋ ᠤᠨ ᠬᠤᠭᠤᠴᠠᠭ᠎ᠠ ᠰᠣᠯᠢ᠍ᠬᠤ ᠠᠵᠢ᠍ᠯ ᠤᠨ ᠠᠬᠢᠴᠠ ᠶᠢᠨ ᠪᠠᠢ᠌ᠳ᠋ᠠᠯ ᠢ ᠨᠠᠷᠢ᠍ᠨ ᠣᠢ᠌ᠯᠠᠭᠠᠪᠠ᠃ 

        
            ᠲᠡᠷᠡ ᠱᠠᠭᠠᠷᠳ᠋ᠠᠭᠰᠠᠨ ᠨᠢ᠂ ᠨᠢ᠍ᠭᠡ ᠳ᠋ᠦ ᠬᠠᠤᠯᠢ ᠴᠠᠭᠠᠵᠠ ᠬᠠᠤᠯᠢ ᠲᠣᠭᠲᠠᠭᠠᠯ ᠪᠠ ᠳᠡᠭᠡᠳ᠋ᠦ ᠱᠠᠲᠤᠨ ᠤ ᠪᠢᠴᠢ᠍ᠭ᠌ ᠮᠠᠲ᠋ᠧᠷᠢ᠍ᠶᠠᠯ ᠤᠨ ᠱᠠᠭᠠᠷᠳ᠋ᠠᠯᠭ᠎ᠠ ᠶᠢ ᠴᠢ᠍ᠩᠭ᠎ᠠ ᠵᠢᠷᠤᠮᠯᠠᠨ᠂ ᠬᠠᠤᠯᠢ ᠳ᠋ᠥ ᠲᠣᠭᠲᠠᠭᠠᠭᠰᠠᠨ ᠠᠯᠬᠤᠮ ᠶᠠᠪᠤᠴᠨ ᠶᠢ ᠨᠢ᠍ᠭᠡ ᠶᠢ ᠴᠦ ᠣᠷᠬᠢᠭᠳ᠋ᠠᠭᠤᠯᠬᠤ ᠥᠬᠡᠶ ᠪᠠᠢ᠌ᠵᠤ᠂ ᠴᠢ᠍ᠬᠤᠯᠠ ᠭᠣᠭᠴᠣᠭᠠᠨ ᠤ ᠠᠵᠢ᠍ᠯ ᠢ ᠵᠢᠷᠤᠮᠵᠢ᠍ᠭᠤᠯᠤᠨ ᠰᠠᠢ᠌ᠲᠤᠷ ᠬᠢᠬᠦ ᠬᠡᠷᠡᠭ᠍ᠲᠡᠢ᠃ ᠬᠣᠶᠠᠷ ᠲᠤ ᠤᠯᠤᠰ ᠲᠥᠷᠥ ᠶᠢᠨ ᠬᠢᠨᠠᠨ ᠪᠠᠢ᠌ᠴᠠᠭᠠᠬᠤ ᠠᠵᠢ᠍ᠯ ᠢ ᠴᠢ᠍ᠩᠭ᠎ᠠ ᠠᠳᠬᠤᠵᠤ᠂ ᠣᠯᠠᠨ ᠲᠦ᠋ᠮᠡᠨ ᠳ᠋ᠥ ᠢᠳ᠋ᠡᠭᠡᠯ ᠲᠡᠶ᠂ ᠤᠯᠤᠰ ᠲᠥᠷᠥ ᠶᠢᠨ ᠲᠠᠯ᠎ᠠ ᠪᠠᠷ ᠨᠠᠢ᠌ᠳ᠋ᠠᠪᠤᠷᠢ᠍ᠲᠠᠶ᠂ ᠠᠵᠢ᠍ᠯ ᠤᠨ ᠲᠠᠯ᠎ᠠ ᠪᠠᠷ ᠴᠢ᠍ᠳ᠋ᠠᠪᠤᠷᠢ ᠲᠠᠶ ᠭᠠᠴᠠᠭ᠎ᠠ ᠲᠣᠰᠬᠣᠨ ᠤ《ᠬᠣᠶᠠᠷ ᠵᠥᠪᠯᠡᠯ》᠋ ᠤᠨ ᠤᠳ᠋ᠤᠷᠢ᠍ᠳᠬᠤ ᠪᠠᠭ ᠪᠣᠯᠤᠨ ᠺᠠᠳ᠋ᠷ ᠤᠨ ᠡᠩᠨᠡᠭᠡ ᠶᠢ ᠰᠣᠩᠭ᠋ᠣᠨ ᠭᠠᠷᠭᠠᠬᠤ ᠬᠡᠷᠡᠭ᠍ᠲᠡᠶ᠃ ᠭᠤᠷᠪᠠ ᠳᠤ᠂ ᠰᠤᠷᠤᠯᠴᠠᠯᠭ᠎ᠠ ᠶᠢ ᠪᠠᠢᠩᠭᠤ ᠰᠠᠢ᠌ᠲᠤᠷ ᠠᠳᠬᠤᠵᠤ᠂ ᠭᠠᠴᠠᠭᠠᠨ ᠤ《ᠬᠣᠶᠠᠷ ᠵᠥᠪᠯᠡᠯ》᠋ ᠤᠨ ᠤᠳ᠋ᠤᠷᠢ᠍ᠳᠬᠤ ᠪᠠᠭ ᠤᠨ ᠪᠦᠷᠢ᠍ᠯᠳ᠋ᠦᠬᠦᠨ ᠪᠣᠯᠤᠨ ᠨᠠᠮ ᠤᠨ ᠭᠡᠰᠢ᠍ᠭᠦᠨ《ᠭᠤᠷᠪᠠᠨ ᠬᠤᠷᠠᠯ ᠨᠢ᠍ᠭᠡ ᠬᠢᠴᠢ᠍ᠶᠡᠯ》᠋ ᠤᠨ ᠲᠦ᠋ᠷᠢ᠍ᠮ ᠢ ᠴᠢ᠍ᠩᠭ᠎ᠠ ᠬᠡᠷᠡᠭ᠍ᠵᠢ᠍ᠭᠦᠯᠵᠦ᠂ ᠲᠠᠢ᠌ᠯᠤᠮᠵᠢ ᠰᠣᠨᠣᠰᠬᠤ᠂ ᠨᠠᠮ ᠤᠨ ᠬᠢᠴᠢ᠍ᠶᠡᠯ ᠣᠷᠣᠬᠤ᠂ ᠲᠤᠰᠬᠠᠶ ᠰᠡᠳ᠋ᠦᠪᠲᠦ ᠹᠢᠯᠢ᠍ᠮ ᠦᠵᠡᠬᠦ ᠵᠡᠷᠭᠡ ᠣᠯᠠᠨ ᠵᠤᠢᠯ ᠤᠨ ᠬᠡᠯᠪᠡᠷᠢ ᠪᠡᠷ ᠳᠠᠮᠵᠢ᠍ᠭᠤᠯᠤᠨ᠂ ᠨᠠᠮ ᠤᠨ ᠣᠨᠣᠯ ᠲᠥᠷᠥ ᠶᠢᠨ ᠪᠣᠳ᠋ᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠲᠠᠷᠢ᠍ᠶᠠᠯᠠᠩ ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢ᠍ᠯ ᠵᠡᠷᠭᠡ ᠲᠠᠯ᠎ᠠ ᠶᠢᠨ ᠮᠡᠳ᠋ᠡᠯᠭᠡ ᠶᠢᠨ ᠰᠤᠷᠤᠯᠴᠠᠯᠭ᠎ᠠ ᠶᠢ ᠴᠢ᠍ᠩᠭ᠋ᠠᠳᠬᠠᠵᠤ᠂ ᠤᠨᠴᠠᠭᠠᠢ᠌ᠯᠠᠨ ᠶᠡᠷᠦᠩᠬᠡᠶ ᠱᠦ᠋ᠵᠢ ᠰᠢ ᠶᠢᠨ ᠫᠢᠩ ᠤᠨ ᠦᠨᠳ᠋ᠦᠰᠦᠲᠡᠨ  ᠤ ᠠᠵᠢ᠍ᠯ ᠤᠨ ᠲᠤᠬᠠᠶ ᠴᠢ᠍ᠬᠤᠯᠠ ᠥᠭᠦᠯᠡᠯᠲᠡ ᠪᠣᠯᠤᠨ ᠨᠠᠮ ᠤᠨ ᠲᠥᠪ ᠬᠣᠷᠢ᠍ᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢ᠍ᠶᠠᠨ ᠤ ᠰᠢ᠍ᠢᠳᠪᠦᠷᠢ᠍ᠲᠦ ᠪᠣᠳ᠋ᠣᠯᠭ᠎ᠠ ᠪᠠᠢ᠌ᠷᠢ᠍ᠯᠠᠭᠤᠯᠤᠯᠲᠠ ᠶᠢ ᠨᠠᠷᠢ᠍ᠨ ᠬᠢᠨᠠᠮᠠᠭᠠᠶ ᠰᠤᠷᠤᠯᠴᠠᠵᠤ᠂ ᠲᠣᠰ ᠪᠡᠶ᠎ᠠ ᠶᠢᠨ ᠬᠡᠪ ᠴᠢ᠍ᠨᠠᠷ ᠪᠣᠯᠤᠨ ᠣᠯᠠᠨ ᠲᠦ᠋ᠮᠡᠨ ᠤ ᠠᠵᠢ᠍ᠯ ᠤᠨ ᠴᠢ᠍ᠳ᠋ᠠᠪᠤᠷᠢ ᠶᠢ ᠲᠠᠰᠤᠷᠠᠯᠲᠠ ᠥᠬᠡᠶ ᠴᠢ᠍ᠩᠭ᠋ᠠᠳᠬᠠᠬᠤ ᠬᠡᠷᠡᠭ᠍ᠲᠡᠶ ᠭᠡᠵᠡᠢ᠃

        
           ᠤᠯᠠᠭᠠᠨᠬᠠᠳ᠋ᠠ ᠰᠤᠮᠤ ᠶᠢᠨ ᠤᠯᠠᠭᠠᠨᠬᠠᠳ᠋ᠠ ᠭᠠᠴᠠᠭ᠎ᠠ ᠳᠤ᠂ ᠡᠤ ᠴᠢ᠍ᠩ ᠬᠠᠢ ᠨᠥᠬᠥᠷ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠥᠯᠥᠭᠡᠯᠡᠭ᠍ᠴᠢ ᠶᠢᠨ ᠵᠤᠸᠠᠩ ᠬᠢᠨ ᠶᠢᠡᠷ ᠲᠣᠭᠣᠷᠢ᠍ᠨ ᠦᠵᠡᠵᠦ᠂ ᠲᠥᠯᠥᠭᠡᠯᠡᠭ᠍ᠴᠢ᠍ᠳ ᠤᠨ ᠪᠠᠢ᠌ᠴᠠᠭᠠᠨ ᠰᠤᠳ᠋ᠤᠯᠤᠯᠲᠠ ᠳᠤ ᠣᠷᠣᠯᠴᠠᠭᠰᠠᠨ᠂ ᠰᠠᠨᠠᠯ ᠵᠥᠪᠯᠡᠯᠭᠡ ᠰᠠᠨᠠᠭᠤᠯᠭ᠎ᠠ ᠳᠤᠷᠠᠳ᠋ᠤᠭᠰᠠᠨ᠂ ᠰᠤᠷᠤᠯᠴᠠᠯᠭ᠎ᠠ ᠪᠣᠯᠪᠠᠰᠤᠷᠠᠯ ᠵᠡᠷᠭᠡ ᠲᠠᠯ᠎ᠠ ᠪᠠᠷ ᠬᠢ ᠡᠭᠦᠷᠭᠡ ᠲᠤᠰᠢ᠍ᠶᠠᠯ ᠶᠢᠡᠨ ᠭᠦᠢᠴᠡᠳᠬᠡᠭ᠍ᠰᠡᠨ ᠪᠣᠳ᠋ᠠᠲᠠᠶ ᠪᠠᠢ᠌ᠳ᠋ᠠᠯ ᠵᠢᠴᠢ ᠦᠢᠯᠡᠳᠪᠦᠷᠢ᠍ᠯᠡᠯ ᠠᠮᠢ᠍ᠳ᠋ᠤᠷᠠᠯ ᠤᠨ ᠪᠠᠢ᠌ᠳ᠋ᠠᠯ ᠢ ᠨᠢ ᠯᠠᠪᠯᠠᠨ ᠠᠰᠠᠭᠤᠪᠠ᠃ ᠡᠤ ᠴᠢ᠍ᠩ ᠬᠠᠶ ᠨᠥᠬᠥᠷ ᠦᠨᠳ᠋ᠦᠰᠦᠨ ᠱᠠᠲᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠥᠯᠥᠭᠡᠯᠡᠭ᠍ᠴᠢ ᠶᠢ ᠠᠵᠢ᠍ᠯ ᠠᠮᠢ᠍ᠳ᠋ᠤᠷᠠᠯ ᠳᠤᠮᠳ᠋ᠠ ᠪᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭ᠍ᠰᠢ᠍ᠯᠡᠭᠦᠯᠵᠦ᠂ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠭᠤᠯᠤᠯ ᠢ ᠪᠠᠷᠢ᠍ᠮᠲᠠᠯᠠᠨ ᠲᠡᠭᠦᠯᠳ᠋ᠡᠷᠵᠢ᠍ᠭᠦᠯᠬᠦ ᠲᠤᠬᠠᠶ ᠶᠡᠷᠦᠩᠬᠡᠶ ᠱᠦ᠋ᠵᠢ ᠰᠢ ᠶᠢᠨ ᠫᠢᠩ ᠤᠨ ᠴᠢ᠍ᠬᠤᠯᠠ ᠥᠭᠦᠯᠡᠯᠲᠡ ᠵᠢᠴᠢ ᠨᠠᠮ ᠤᠨ ᠡᠯ᠎ᠠ ᠵᠤᠢᠯ ᠤᠨ ᠰᠢ᠍ᠢᠳᠪᠦᠷᠢ᠍ᠲᠦ ᠪᠣᠳ᠋ᠣᠯᠭ᠎ᠠ ᠪᠠᠢ᠌ᠷᠢ᠍ᠯᠠᠭᠤᠯᠤᠯᠲᠠ ᠶᠢ ᠰᠠᠢ᠌ᠲᠤᠷ ᠰᠤᠷᠤᠯᠴᠠᠨ ᠰᠠᠢ᠌ᠲᠤᠷ ᠤᠬᠠᠭᠤᠯᠵᠤ ᠰᠠᠢ᠌ᠲᠤᠷ ᠲᠤᠭᠤᠰᠢ᠍ᠯᠠᠭᠤᠯᠵᠤ᠂ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠥᠯᠥᠭᠡᠯᠡᠭ᠍ᠴᠢ ᠶᠢᠨ ᠦᠢᠯᠡᠳ᠋ᠦᠯ ᠪᠣᠯᠤᠨ ᠳᠠᠪᠠᠭᠤᠯᠢ᠍ᠭ ᠢ ᠨᠠᠩ ᠰᠠᠢ᠌ᠲᠤᠷ ᠪᠠᠳ᠋ᠠᠷᠠᠭᠤᠯᠬᠤ ᠬᠡᠷᠡᠭ᠍ᠲᠡᠶ ᠭᠡᠵᠦ ᠱᠠᠭᠠᠷᠳ᠋ᠠᠪᠠ᠃ ᠣᠯᠠᠨ ᠲᠦ᠋ᠮᠡᠨ ᠲᠡᠶ ᠨᠢ᠍ᠭᠲᠠ ᠬᠠᠷᠢ᠍ᠯᠴᠠᠵᠤ᠂ ᠬᠠᠤᠯᠢ ᠶᠣᠰᠣᠭᠠᠷ ᠡᠭᠦᠷᠭᠡ ᠬᠠᠷᠢ᠍ᠭᠤᠴᠠᠯᠭ᠎ᠠ ᠪᠠᠨ ᠭᠦᠢᠴᠡᠳᠬᠡᠵᠦ᠂ ᠰᠠᠨᠠᠯ ᠰᠠᠨᠠᠭᠤᠯᠭ᠎ᠠ ᠳᠤᠷᠠᠳᠬᠤ ᠪᠠ ᠬᠢᠨᠠᠯᠲᠠ ᠲᠠᠯᠪᠢᠬᠤ ᠦᠢᠯᠡᠳ᠋ᠦᠯ ᠶᠢᠠᠨ ᠢᠳ᠋ᠡᠪᠬᠢᠲᠡᠶ ᠪᠠᠳ᠋ᠠᠷᠠᠭᠤᠯᠵᠤ᠂ ᠣᠯᠠᠨ ᠲᠦ᠋ᠮᠡᠨ ᠤ ᠬᠦᠰᠡᠯ ᠡᠷᠡᠮᠡᠯᠵᠡᠯ ᠢ ᠢᠳ᠋ᠡᠪᠬᠢᠲᠡᠶ ᠲᠤᠰᠬᠠᠵᠤ᠂ ᠪᠦᠲᠦᠭᠡᠯᠴᠢ ᠴᠢ᠍ᠨᠠᠷᠲᠠᠶ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠮᠠᠨ ᠤ ᠬᠣᠰᠢ᠍ᠭᠤᠨ ᠤ ᠴᠢ᠍ᠨᠠᠷ ᠰᠠᠢ᠌ᠲᠠᠶ ᠬᠥᠭ᠍ᠵᠢ᠍ᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠥᠯᠥᠭᠡᠯᠡᠭ᠍ᠴᠢ ᠶᠢᠨ ᠦᠢᠯᠡᠳ᠋ᠦᠯ ᠶᠢᠡᠨ ᠰᠠᠢ᠌ᠲᠤᠷ ᠪᠠᠳ᠋ᠠᠷᠠᠭᠤᠯᠬᠤ ᠬᠡᠷᠡᠭ᠍ᠲᠡᠶ ᠭᠡᠵᠡᠶ᠃

       ᠶᠠᠳ᠋ᠠᠭᠤ ᠡᠴᠡ ᠠᠩᠭᠢᠵᠢ᠍ᠷᠠᠭᠤᠯᠬᠤ ᠪᠣᠭᠣᠮᠲᠠ ᠰᠢ᠍ᠪᠲᠤᠯᠬᠤ ᠠᠵᠢ᠍ᠯ ᠢ ᠪᠠᠢ᠌ᠴᠠᠭᠠᠨ ᠰᠤᠳ᠋ᠤᠯᠬᠤ ᠳᠠᠭᠠᠨ᠂ ᠡᠤ ᠴᠢ᠍ᠩ ᠬᠠᠶ ᠨᠥᠬᠥᠷ ᠠᠵᠢ᠍ᠯ ᠣᠯᠭᠣᠯᠲᠠ ᠪᠠᠷ ᠶᠠᠳ᠋ᠠᠭᠤ ᠶᠢ ᠲᠡᠳᠬᠦᠬᠦ᠂ ᠬᠡᠷᠡᠭᠯᠡᠭᠡ ᠪᠡᠷ ᠶᠠᠳ᠋ᠠᠭᠤ ᠶᠢ ᠲᠡᠳᠬᠦᠬᠦ ᠬᠠᠮᠢ᠍ᠶ᠎ᠠ ᠪᠥᠬᠥᠶ ᠨᠠᠷᠢ᠍ᠨ ᠲᠠᠩᠰᠠ ᠶᠢᠨ ᠮᠠᠲ᠋ᠧᠷᠢ᠍ᠶᠠᠯ ᠢ ᠨᠠᠷᠢ᠍ᠨ ᠬᠢᠨᠠᠮᠠᠭᠠᠶ ᠪᠠᠢ᠌ᠴᠠᠭᠠᠨ ᠦᠵᠡᠵᠦ᠂ ᠠᠵᠤ ᠦᠢᠯᠡᠰ ᠤᠨ ᠬᠥᠭ᠍ᠵᠢ᠍ᠯᠲᠡ ᠶᠢᠨ ᠣᠳ᠋ᠣᠬᠢ ᠪᠠᠢ᠌ᠳ᠋ᠠᠯ ᠪᠠ ᠣᠳ᠋ᠣᠬᠠᠨ ᠤ ᠣᠯᠠᠨ ᠲᠦ᠋ᠮᠡᠨ ᠤ ᠣᠷᠣᠯᠭ᠎ᠠ ᠶᠢᠨ ᠨᠡᠮᠡᠭ᠍ᠳ᠋ᠡᠯ ᠵᠢᠴᠢ ᠶᠠᠳ᠋ᠠᠭᠤ ᠬᠦᠴᠢ᠍ᠷᠳ᠋ᠡᠯᠲᠡᠶ ᠡᠷᠦᠬᠡ ᠶᠢᠨ ᠶᠠᠳ᠋ᠠᠭᠤ ᠡᠴᠡ ᠠᠩᠭᠢᠵᠢ᠍ᠷᠠᠭᠤᠯᠬᠤ ᠵᠡᠷᠭᠡ ᠪᠠᠢ᠌ᠳ᠋ᠠᠯ ᠢ ᠨᠠᠷᠢ᠍ᠨ ᠠᠰᠠᠭᠤᠨ ᠣᠢ᠌ᠯᠠᠭᠠᠬᠤ ᠶᠢᠨ ᠬᠠᠮᠲᠤ᠂ ᠮᠠᠯ ᠰᠦ᠋ᠷᠦᠭ᠌ ᠤᠨ ᠶᠠᠰᠤ ᠴᠢ᠍ᠨᠠᠷ ᠢ ᠰᠠᠢ᠌ᠵᠢ᠍ᠷᠠᠭᠤᠯᠬᠤ᠂ ᠮᠠᠯ ᠠᠵᠤ ᠠᠬᠤᠶ ᠶᠢᠨ ᠪᠦᠬᠦᠯᠢ ᠴᠣᠭᠴᠠ ᠶᠢᠨ ᠶᠠᠰᠤ ᠴᠢ᠍ᠨᠠᠷ ᠪᠠ ᠶᠡᠷᠦᠩᠬᠡᠢ᠌ᠯᠡᠭ᠍ᠰᠡᠨ ᠦᠷ᠎ᠠ ᠠᠰᠢ᠍ᠭ ᠢ ᠳᠡᠭᠡᠭ᠍ᠰᠢ᠍ᠯᠡᠭᠦᠯᠬᠦ ᠵᠢᠴᠢ ᠭᠠᠵᠠᠷ ᠣᠷᠣᠨ ᠤ ᠪᠠᠢ᠌ᠳ᠋ᠠᠯ ᠳᠠᠭᠠᠨ ᠲᠤᠬᠢᠷᠠᠭᠰᠨᠨ ᠠᠷᠠᠳ ᠤᠨ ᠵᠠᠩ ᠦᠢᠯᠡ ᠶᠢᠨ ᠰᠣᠶ‍ᠣᠯ ᠪᠠ ᠤᠨᠴᠠᠯᠢ᠍ᠬᠳ᠋ᠤ ᠵᠢᠭᠤᠯᠴᠢ᠍ᠯᠠᠯ ᠤᠨ ᠠᠵᠤ ᠦᠢᠯᠡᠰ ᠢ ᠬᠥᠭ᠍ᠵᠢ᠍ᠭᠦᠯᠬᠦ᠂ ᠣᠷᠣᠨ ᠨᠤᠲᠤᠭ ᠤᠨ ᠠᠵᠤ ᠠᠬᠤᠶ ᠶᠢ ᠠᠬᠢᠭᠤᠯᠬᠤ᠂ ᠦᠢᠯᠡᠰ ᠴᠣᠭᠴᠠᠯᠠᠬᠤ ᠰᠢ᠍ᠨ᠎ᠠ ᠠᠷᠭ᠎ᠠ ᠵᠠᠮ ᠢ ᠨᠡᠭᠡᠭᠡᠬᠦ᠂ ᠮᠠᠯᠴᠢ᠍ᠳ ᠤᠨ ᠣᠷᠣᠯᠭ᠎ᠠ ᠶᠢ ᠦᠷᠭᠦᠯᠵᠢ᠍ᠯᠡᠨ ᠨᠡᠮᠡᠭ᠍ᠳ᠋ᠡᠭᠦᠯᠬᠦ ᠶᠢ ᠪᠡᠶᠡᠯᠡᠭᠦᠯᠬᠦ ᠵᠡᠷᠭᠡ ᠲᠠᠯ᠎ᠠ ᠪᠠᠷ ᠪᠣᠳ᠋ᠠᠲᠠᠶ ᠱᠠᠭᠠᠷᠳ᠋ᠠᠯᠭ᠎ᠠ ᠪᠠ ᠰᠠᠨᠠᠭᠤᠯᠭ᠎ᠠ ᠳᠤᠷᠠᠳᠴᠠᠶ᠃

                                                                                                           (ᠳ᠋ᠠᠢ ᠰᠢᠶᠦ᠋ᠩ)

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠺᠠᠳ᠋ᠷ ᠠᠵᠢᠯᠳᠠᠨ ᠤ ᠬᠤᠷᠠᠯ ᠬᠤᠷᠠᠯᠳᠤᠭᠤᠯᠪᠠ
ᠳᠠᠷᠠᠭᠠᠬᠢ᠄ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢᠯᠠᠩ ᠲᠤᠰᠬᠠᠶ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠡᠴᠡ ᠡᠮᠦᠨᠡᠬᠢ ᠰᠤᠷᠤᠯᠴᠠᠯᠭ᠎ᠠ ᠵᠢᠴᠢ ᠶᠠᠷᠢ᠍ᠯᠴᠠᠨ ᠰᠣᠯᠢ᠍ᠯᠴᠠᠬᠤ ᠬᠤᠷᠠᠯ ᠬᠢᠪᠡ