ᠤᠳᠤ ᠶᠢᠨ ᠪᠠᠢ᠌ᠷᠢ᠄ ᠴᠢᠬᠤᠯᠠ ᠮᠡᠳᠡᠭᠡ → ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ᠁
ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢᠯᠠᠩ ᠲᠤᠰᠬᠠᠶ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠡᠴᠡ ᠡᠮᠦᠨᠡᠬᠢ ᠰᠤᠷᠤᠯᠴᠠᠯᠭ᠎ᠠ ᠵᠢᠴᠢ ᠶᠠᠷᠢ᠍ᠯᠴᠠᠨ ᠰᠣᠯᠢ᠍ᠯᠴᠠᠬᠤ ᠬᠤᠷᠠᠯ ᠬᠢᠪᠡ

 

 

2020 ᠤᠨ ᠤ12 ᠰᠠᠷ᠎ᠠ ᠶᠢᠨ 24᠋ ᠤ ᠡᠳᠤᠷ᠂ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢᠯᠠᠩ ᠦᠨᠳ᠋ᠦᠰᠦᠲᠡᠨ ᠤ ᠠᠵᠢ᠍ᠯ ᠢ ᠴᠢ᠍ᠩᠭ᠋ᠠᠳᠬᠠᠨ ᠰᠠᠢᠵᠢ᠍ᠷᠠᠭᠤᠯᠬᠤ ᠲᠤᠬᠠᠶ ᠲᠤᠰᠬᠠᠶ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠡᠴᠡ ᠡᠮᠦᠨᠡᠬᠢ ᠰᠤᠷᠤᠯᠴᠠᠯᠭ᠎ᠠ ᠵᠢᠴᠢ ᠶᠠᠷᠢ᠍ᠯᠴᠠᠨ ᠰᠣᠯᠢ᠍ᠯᠴᠠᠬᠤ ᠬᠤᠷᠠᠯ ᠬᠢᠪᠠ᠃ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢᠯᠠᠩ ᠤᠨ ᠱᠦ᠋ᠵᠢ ᠡᠦ ᠴᠢᠩ ᠬᠠᠢ ᠬᠤᠷᠠᠯ ᠡᠷᠭᠢᠯᠡᠵᠤ᠂ᠨᠠᠮ ᠤᠨ ᠤᠳ᠋ᠤᠷᠢ᠍ᠳᠬᠤ ᠳᠤᠭᠤᠢᠯᠠᠩ ᠤᠨ ᠪᠦᠷᠢ᠍ᠯᠳ᠋ᠦᠬᠦᠨ ᠭᠡᠰᠢᠬᠦᠤᠨ ᠬᠤᠷᠠᠯ ᠳᠤ ᠣᠷᠣᠯᠴᠠᠪᠠ᠃

ᠬᠤᠷᠠᠯ ᠳᠡᠭᠡᠷ᠎ᠠ᠂ᠶᠡᠷᠦᠩᠬᠡᠢ ᠱᠦ᠋ᠵᠢ ᠰᠢ ᠶᠢᠨ ᠫᠢᠩ ᠤᠨ ᠦᠨᠳ᠋ᠦᠰᠦᠲᠡᠨ ᠤ ᠠᠵᠢ᠍ᠯ ᠤᠨ ᠲᠤᠬᠠᠢ ᠴᠢ᠍ᠬᠤᠯᠠ ᠥᠭᠦᠯᠡᠯᠲᠡ ᠪᠣᠯᠤᠨ ᠤᠯᠤᠰ ᠤᠨ ᠨᠡᠢᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠢ ᠳᠡᠯᠭᠡᠷᠡᠭᠦᠯᠦᠨ ᠲᠦ᠋ᠭᠡᠮᠡᠯᠵᠢ᠍ᠭᠦᠯᠬᠦ ᠠᠵᠢ᠍ᠯ ᠤᠨ ᠴᠢ᠍ᠬᠤᠯᠠ ᠵᠢᠭᠠᠪᠤᠷᠢ ᠶᠢᠨ ᠵᠣᠷᠢ᠍ᠭ ᠰᠠᠨᠠᠭ᠎ᠠ ᠶᠢ ᠨᠠᠷᠢ᠍ᠨ ᠬᠢᠨᠠᠮᠠᠭᠠᠢ ᠰᠤᠷᠤᠯᠴᠠᠬᠤ ᠶᠢᠨ ᠬᠠᠮᠲᠤ ᠥᠷᠭᠡᠨ ᠶᠢᠡᠷ ᠬᠤᠷᠢ᠍ᠶᠠᠭᠰᠠᠨ ᠰᠠᠨᠠᠯ᠂ ᠥᠪᠡᠷ ᠤᠨ ᠪᠠᠶ᠎ᠠ ᠡᠴᠨ ᠪᠠᠨ ᠡᠷᠢ᠍ᠵᠦ ᠭᠠᠷᠭᠠᠭᠰᠠᠨ ᠠᠰᠠᠭᠤᠳ᠋ᠠᠯ ᠵᠢᠴᠢ ᠪᠠᠢᠩᠭ᠋ᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢᠯᠠᠩ ᠤᠨ ᠤᠳᠤᠷᠢᠳᠬᠤ ᠪᠠᠭ ᠪᠣᠯᠤᠨ ᠪᠦᠷᠢ᠍ᠯᠳ᠋ᠦᠬᠦᠨ ᠭᠡᠰᠢᠬᠦᠨ ᠤ ᠬᠤᠪᠢ ᠬᠥᠮᠦᠨ ᠤ ᠬᠠᠷᠭᠤᠭᠤᠯᠤᠨ ᠪᠠᠢᠴᠠᠭᠠᠭᠰᠠᠨ ᠮᠠᠲ᠋ᠧᠷᠢ᠍ᠶᠠᠯ ᠢ ᠭᠦᠨᠵᠡᠭᠡᠢ ᠶᠠᠷᠢ᠍ᠯᠴᠠᠵᠤ ᠰᠣᠯᠢ᠍ᠯᠴᠠᠪᠠ᠃


ᠬᠤᠷᠠᠯ ᠡᠴᠨ ᠱᠠᠭᠠᠷᠳᠠᠭᠰᠨᠨ ᠨᠢ᠂ ᠪᠠᠢᠩᠭ᠋ᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢ᠌ᠯᠠᠩ ᠤᠨ ᠪᠦᠷᠢ᠍ᠯᠳ᠋ᠦᠬᠦᠨ ᠤᠯᠤᠰ ᠲᠦ᠋ᠷᠦ ᠶᠢᠨ ᠵᠣᠭᠰᠣᠯᠲᠠ ᠪᠠ ᠦᠵᠡᠯ ᠰᠠᠨᠠᠭ᠎ᠠ ᠲᠠᠨᠢᠯᠳᠠ ᠪᠠᠨ ᠤᠯᠠᠮ ᠨᠢ᠍ᠭᠡ ᠠᠯᠬᠤᠮ ᠳᠡᠭᠡᠭ᠍ᠰᠢ᠍ᠯᠡᠭᠦᠯᠬᠦ ᠬᠡᠷᠡᠭ᠍ᠲᠡᠢ᠃ ᠶᠡᠷᠦᠩᠬᠡᠶ ᠱᠦ᠋ᠵᠢ ᠰᠢ ᠶᠢᠨ ᠫᠢᠩ ᠤᠨ ᠦᠨᠳ᠋ᠦᠰᠦᠲᠡᠨ ᠤ ᠠᠵᠢ᠍ᠯ ᠤᠨ ᠲᠤᠬᠠᠶ᠂ ᠤᠯᠤᠰ ᠤᠨ ᠨᠡᠢᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠢ ᠳᠡᠯᠭᠡᠷᠡᠭᠦᠯᠦᠨ ᠲᠦ᠋ᠭᠡᠮᠡᠯᠵᠢ᠍ᠭᠦᠯᠬᠦ ᠴᠢ᠍ᠬᠤᠯᠠ ᠥᠭᠦᠯᠡᠯᠲᠡ ᠪᠠ ᠨᠠᠮ ᠤᠨ ᠲᠥᠪ ᠬᠣᠷᠢ᠍ᠶᠠᠨ ᠤ ᠰᠢᠢᠳᠪᠦᠷᠢ᠍ᠲᠦ ᠪᠤᠳ᠋ᠤᠯᠭ᠎ᠠ ᠪᠠᠢᠷᠢ᠍ᠯᠠᠭᠤᠯᠤᠯᠲᠠ ᠶᠢᠨ ᠲᠤᠬᠠᠢ ᠣᠢᠯᠠᠭᠠᠯᠲᠠ ᠲᠠᠨᠢᠯᠳᠠ᠂ ᠦᠵᠡᠯ ᠰᠠᠨᠠᠭ᠎ᠠ ᠪᠠ ᠦᠢ᠍ᠯᠡ ᠠᠵᠢ᠍ᠯᠯᠠᠭ᠎ᠠ ᠪᠠᠨ ᠨᠠᠮ ᠤᠨ ᠲᠥᠪ ᠬᠣᠷᠢ᠍ᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢ᠍ᠶ᠎ᠠ᠂ᠬᠣᠲᠠ ᠶᠢᠨ ᠨᠠᠮ ᠤᠨ ᠬᠣᠷᠢ᠍ᠶ᠎ᠠ ᠪᠠ ᠬᠣᠰᠢ᠍ᠭᠤᠨ ᠤ ᠨᠠᠮ ᠤᠨ ᠬᠣᠷᠢ᠍ᠶᠠᠨ ᠤ ᠵᠣᠷᠢ᠍ᠭ ᠰᠠᠨᠠᠭ᠎ᠠ ᠲᠠᠢ ᠨᠢᠭᠡᠳᠭᠡᠬᠦ ᠭᠡᠷᠡᠭᠳᠡᠢ᠃ ᠬᠤᠷᠢ᠍ᠶᠠᠭᠰᠠᠨ ᠰᠠᠨᠠᠯ ᠰᠠᠨᠠᠭᠤᠯᠭ᠎ᠠ ᠲᠠᠶ ᠪᠠᠨ ᠤᠶᠠᠯᠳ᠋ᠤᠭᠤᠯᠤᠨ᠂ ᠬᠠᠷᠭᠤᠭᠤᠯᠤᠨ ᠪᠠᠢᠴᠠᠭᠠᠬᠤ ᠮᠠᠲ᠋ᠧᠷᠢ᠍ᠶᠠᠯ ᠶᠢᠠᠨ ᠨᠠᠷᠢ᠍ᠨ ᠬᠢᠨᠠᠮᠠᠭᠠᠶ ᠪᠢᠴᠢᠵᠤ᠂ ᠥᠪᠡᠷ ᠤᠨ ᠪᠡᠶ᠎ᠠ᠂ ᠡᠭᠦᠷᠭᠡ ᠬᠠᠷᠢ᠍ᠭᠤᠴᠠᠯᠭ᠎ᠠ᠂ ᠠᠵᠢ᠍ᠯ ᠡᠴᠨ ᠪᠠᠨ ᠭᠠᠷᠳᠠᠨ ᠰᠢ᠍ᠭᠦᠮᠵᠢ᠍ᠯᠡᠯ ᠪᠠ ᠥᠪᠡᠷ ᠤᠨ ᠰᠢ᠍ᠭᠦᠮᠵᠢ᠍ᠯᠡᠯ ᠢ ᠲᠥᠪ ᠴᠢ᠍ᠩᠭ᠎ᠠ ᠥᠷᠨᠢᠬᠦᠯᠤᠨ᠂ ᠴᠡᠭ᠍ᠴᠡᠯᠡᠨ ᠰᠠᠢᠵᠢ᠍ᠷᠠᠭᠤᠯᠬᠤ ᠠᠷᠭ᠎ᠠ ᠬᠡᠮᠵᠢ᠍ᠶ᠎ᠠ ᠶᠢ ᠬᠢᠨᠠᠮᠠᠭᠠᠶ ᠲᠣᠭᠲᠠᠭᠠᠵᠤ᠂ ᠪᠠᠢᠩᠭ᠋ᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢᠯᠠᠩ ᠤᠨ ᠲᠤᠰᠬᠠᠢ ᠰᠡᠳ᠋ᠦᠪᠲᠦ ᠠᠷᠠᠳᠴᠢ᠍ᠯᠠᠯ ᠤᠨ ᠠᠮᠢ᠍ᠳ᠋ᠤᠷᠠᠯ ᠤᠨ ᠬᠤᠷᠠᠯ ᠢ ᠴᠢ᠍ᠨᠠᠷ ᠰᠠᠢᠲᠠᠢ ᠰᠠᠢᠲᠤᠷ ᠬᠤᠷᠠᠯᠳ᠋ᠤᠭᠤᠯᠬᠤ ᠳᠤ ᠭᠦᠢ᠍ᠴᠡᠳ ᠪᠡᠯᠡᠳᠬᠡᠯ ᠬᠢᠬᠦ ᠬᠡᠷᠡᠭ᠍ᠲᠡᠢ ᠭᠡᠵᠡᠢ᠃(ᠳ᠋ᠠᠢ ᠰᠢᠶᠦ᠋ᠩ)

ᠡᠮᠦᠨᠡᠬᠢ᠄ ᠬᠤᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠤᠳ᠋ᠤᠷᠢ᠍ᠳ᠋ᠤᠯᠭ᠎ᠠ ᠦᠨᠳ᠋ᠦᠰᠦᠨ ᠱᠠᠲᠤᠨ ᠤ ᠠᠵᠢ᠍ᠯ ᠳ᠋ᠥ ᠪᠠᠢ᠌ᠴᠠᠭᠠᠨ ᠰᠤᠳ᠋ᠤᠯᠤᠯᠲᠠ ᠬᠢᠪᠡ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ ᠡᠦ ᠴᠢ᠍ᠩ ᠬᠠᠢ ᠪᠠᠶᠠᠷᠲᠤᠬᠤᠰᠢ᠍ᠭᠤ ᠪᠠᠯᠭᠠᠰᠤᠨ ᠳ᠋ᠦ ᠬᠦᠷᠴᠦ ᠠᠵᠢ᠍ᠯ ᠪᠠᠢ᠌ᠴᠠᠭᠠᠨ ᠵᠢᠯᠤᠭᠤᠳ᠋ᠤᠭᠰᠠᠨ