ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ᠁
ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢ᠍ᠭᠦᠨ ᠤ ᠶᠡᠬᠡ ᠬᠤᠷᠠᠯ ᠬᠤᠷᠠᠯᠳ᠋ᠤᠭᠤᠯᠵᠤ᠂ ᠪᠡᠯᠡᠳᠬᠡᠯ ᠨᠠᠮ ᠤᠨ ᠭᠡᠰᠢ᠍ᠭᠦᠨ ᠢ ᠵᠢᠩᠬᠢᠨᠢᠴᠢᠯᠡᠬᠦ ᠶᠠᠪᠤᠳ᠋ᠠᠯ ᠢ ᠰᠤᠳ᠋ᠤᠯᠤᠨ ᠶᠠᠷᠢ᠍ᠯᠴᠠᠪᠠ


        

       12 ᠰᠠᠷ᠎ᠠ ᠶᠢᠨ 21᠋ ᠤ ᠦᠳ᠋ᠡ ᠶᠢᠨ ᠬᠣᠢᠨ᠎ᠠ᠂ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠭᠦᠷ ᠪᠥᠬᠥ ᠨᠠᠮ ᠤᠨ ᠭᠡᠰᠢ᠍ᠭᠦᠨ ᠤ ᠶᠡᠬᠡ ᠬᠤᠷᠠᠯ ᠢ ᠵᠣᠬᠢᠶᠠᠨ ᠪᠠᠢ᠌ᠭᠤᠯᠵᠤ ᠬᠤᠷᠠᠯᠳ᠋ᠤᠭᠤᠯᠤᠨ᠂ ᠭᠠᠩ ᠬᠤ ᠨᠦᠬᠦᠷ ᠢ ᠳᠤᠮᠳ᠋ᠠᠳ᠋ᠤ ᠤᠯᠤᠰ ᠤᠨ ᠡᠪ ᠬᠠᠮᠲᠤ ᠨᠠᠮ ᠤᠨ ᠪᠡᠯᠡᠳᠬᠡᠯ ᠨᠠᠮ ᠤᠨ ᠭᠡᠰᠢ᠍ᠭᠦᠨ ᠡᠴᠨ ᠵᠢᠩᠬᠢᠨᠢ ᠨᠠᠮ ᠤᠨ ᠭᠡᠰᠢ᠍ᠭᠦᠨ ᠪᠣᠯᠭᠠᠬᠤ ᠶᠠᠪᠤᠳ᠋ᠠᠯ ᠢ ᠲᠤᠰᠬᠠᠶ ᠰᠡᠳ᠋ᠦᠪ ᠶᠢᠡᠷ ᠰᠤᠳ᠋ᠤᠯᠤᠨ ᠶᠠᠷᠢ᠍ᠯᠴᠠᠵᠤ᠂ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠧᠩ ᠭᠦᠸᠧ ᠬᠤᠷᠠᠯ ᠡᠷᠭᠢᠯᠡᠪᠡ᠃ 

        
              ᠬᠤᠷᠠᠯ ᠡᠴᠡ ᠨᠠᠮ ᠤᠨ ᠲᠦ᠋ᠷᠢ᠍ᠮ ᠳ᠋ᠦ ᠲᠣᠭᠲᠠᠭᠠᠭᠰᠠᠨ ᠵᠢᠷᠤᠮ ᠢ ᠴᠢ᠍ᠩᠭ᠎ᠠ ᠵᠢᠷᠤᠮᠯᠠᠨ᠂ ᠳᠤᠮᠳ᠋ᠠᠳ᠋ᠤ ᠤᠯᠤᠰ ᠤᠨ ᠡᠪ ᠬᠠᠮᠲᠤ ᠨᠠᠮ ᠤᠨ ᠪᠡᠯᠡᠳᠬᠡᠯ ᠨᠠᠮ ᠤᠨ ᠭᠡᠰᠢ᠍ᠭᠦᠨ ᠭᠠᠩ ᠬᠤ ᠡᠴᠡ ᠵᠢᠩᠬᠢᠨᠢᠴᠢᠯᠡᠬᠦ ᠭᠤᠶᠤᠴᠢ᠍ᠯᠠᠯ ᠭᠠᠷᠭᠠᠵᠤ᠂ ᠪᠡᠯᠡᠳᠬᠡᠯ ᠬᠤᠭᠤᠴᠠᠭ᠎ᠠ ᠡᠴᠡ ᠨᠠᠭᠠᠰᠢ᠍ᠬᠢ ᠦᠵᠡᠯ ᠰᠠᠨᠠᠭᠠᠨ ᠤ ᠪᠠᠢ᠌ᠳ᠋ᠠᠯ ᠵᠢᠴᠢ ᠠᠵᠢᠯ ᠰᠤᠷᠤᠯᠴᠠᠯᠭ᠎ᠠ ᠶᠢᠨ ᠪᠠᠢ᠌ᠳ᠋ᠠᠯ ᠶᠢᠡᠨ ᠬᠠᠷᠢ᠍ᠭᠤ ᠮᠡᠳ᠋ᠡᠭᠦᠯᠪᠡ᠃ ᠬᠥᠮᠦᠵᠢ᠍ᠭᠦᠯᠤᠨ ᠲᠠᠨᠢᠯᠴᠠᠭᠤᠯᠤᠭᠴᠢ ᠹᠦ᠋ ᠶᠢ᠍ᠨ ᠱᠠᠨ  ᠨᠦᠬᠦᠷ ᠡᠴᠨ ᠲᠠᠬᠦᠨ ᠤ ᠪᠡᠯᠡᠳᠬᠡᠯ ᠬᠤᠭᠤᠴᠠᠭᠠᠨ ᠤ ᠢᠯᠡᠷᠡᠯ ᠤᠨ ᠪᠠᠢᠢᠳ᠋ᠠᠯ ᠪᠠ ᠲᠡᠭᠦᠨ ᠢ ᠵᠢᠩᠬᠢᠨᠢᠴᠢᠯᠡᠬᠦ ᠡᠰᠡᠬᠦ ᠰᠠᠨᠠᠯ ᠢ ᠲᠠᠨᠢᠯᠴᠠᠭᠤᠯᠪᠠ᠃ ᠨᠠᠮ ᠤᠨ ᠡᠭᠦᠷ ᠤᠨ ᠵᠣᠬᠢᠶᠠᠨ ᠪᠠᠢᠢᠭᠤᠯᠬᠤ ᠭᠡᠰᠢ᠍ᠭᠦᠨ ᠴᠡᠭᠡᠯᠭᠡᠨ ᠨᠦᠬᠦᠷ ᠡᠴᠨ ᠨᠠᠮ ᠤᠨ ᠡᠭᠦᠷ ᠤᠨ ᠵᠦᠪᠯᠡᠯ ᠢ ᠲᠥᠯᠥᠭᠡᠯᠡᠨ ᠭᠠᠩ ᠬᠤ ᠨᠥᠬᠥᠷ ᠤᠨ ᠪᠡᠯᠡᠳᠬᠡᠯ ᠬᠤᠭᠤᠴᠠᠭᠠᠨ ᠤ ᠰᠤᠷᠭᠠᠨ ᠬᠥᠮᠦᠵᠢ᠍ᠯ ᠤᠨ ᠪᠠᠢᠴᠠᠭᠠᠯᠲᠠ ᠶᠢᠨ ᠪᠠᠢᠳ᠋ᠠᠯ ᠢ ᠮᠡᠳ᠋ᠡᠭᠦᠯᠦᠭ᠍ᠰᠡᠨ ᠪᠥᠭᠡᠳ ᠲᠡᠭᠦᠨ ᠤ ᠳᠤᠮᠳ᠋ᠠᠳ᠋ᠤ ᠤᠯᠤᠰ ᠤᠨ ᠡᠪ ᠬᠠᠮᠲᠤ ᠨᠠᠮ ᠤᠨ ᠵᠢᠩᠬᠢᠨᠢ ᠭᠡᠰᠢ᠍ᠭᠦᠨ ᠪᠣᠯᠤᠭᠰᠠᠨ ᠲᠤᠬᠠᠢ ᠣᠪᠣᠷ ᠶᠢᠡᠨ ᠢᠯᠡᠳᠬᠡᠪᠡ᠃ 

        


        
             ᠬᠠᠮᠤᠭ ᠡᠴᠦᠰ ᠲᠤ ᠪᠦᠬᠦ ᠨᠠᠮ ᠤᠨ ᠭᠡᠰᠢ᠍ᠭᠦᠳ ᠫᠢᠶ‍ᠣᠣ ᠥᠭ᠍ᠴᠦ ᠪᠠᠲᠤᠯᠠᠭᠠᠳ ᠭᠠᠩ ᠬᠤ ᠨᠥᠬᠥᠷ ᠢ ᠳᠤᠮᠳ᠋ᠠᠳ᠋ᠤ ᠤᠯᠤᠰ ᠤᠨ ᠡᠪ ᠬᠠᠮᠲᠤ ᠨᠠᠮ ᠤᠨ ᠪᠡᠯᠡᠳᠬᠡᠯ ᠨᠠᠮ ᠤᠨ ᠭᠡᠰᠢ᠍ᠭᠦᠨ ᠪᠠᠢ᠌ᠭᠰᠠᠨ ᠡᠴᠡ ᠨᠢ ᠵᠢᠩᠬᠢᠨᠢ ᠨᠠᠮ ᠤᠨ ᠭᠡᠰᠢ᠍ᠭᠦᠨ ᠪᠣᠯᠭᠠᠬᠤ ᠪᠠᠷ ᠰᠠᠨᠠᠯ ᠨᠢ᠍ᠭᠡᠲᠡᠢ ᠪᠠᠲᠤᠯᠠᠪᠠ᠃ ᠬᠤᠷᠠᠯ ᠡᠴᠡ ᠰᠢ᠍ᠨ᠎ᠠ ᠪᠡᠷ ᠵᠢᠩᠬᠢᠨᠢᠴᠢ᠍ᠯᠡᠭ᠍ᠰᠡᠨ ᠨᠠᠮ ᠤᠨ ᠭᠡᠰᠢ᠍ᠭᠦᠨ ᠳ᠋ᠦ ᠱᠠᠭᠠᠷᠳ᠋ᠠᠯᠭ᠎ᠠ ᠳᠤᠷᠠᠳᠴᠤ᠂ ᠭᠠᠩ ᠬᠤ ᠡᠭᠦᠨ ᠶᠢᠡᠷ ᠴᠣ᠋ ᠰᠢ᠍ᠨ᠎ᠠ ᠭᠠᠷᠤᠭ᠎ᠠ ᠪᠣᠯᠭᠠᠵᠤ᠂ 《ᠨᠠᠮ ᠤᠨ ᠲᠦ᠋ᠷᠢ᠍ᠮ》᠋ ᠤᠨ ᠱᠠᠭᠠᠷᠳ᠋ᠠᠯᠭ᠎ᠠ ᠶᠣᠰᠣᠭᠠᠷ ᠦᠷᠭᠦᠯᠵᠢ᠍ᠯᠡᠨ ᠴᠢ᠍ᠷᠮᠠᠢᠨ ᠲᠡᠮᠡᠴᠡᠵᠦ ᠵᠢᠳᠬᠦᠯ ᠴᠢ᠍ᠷᠮᠠᠢ᠌ᠯᠭ᠎ᠠ ᠭᠠᠷᠭᠠᠵᠤ᠂ ᠢᠳ᠋ᠡᠪᠬᠢᠲᠡᠢ ᠤᠷᠤᠭᠰᠢ᠍ᠯᠠᠨ ᠲᠠᠪᠰᠢ᠍ᠬᠤ ᠤᠶᠤᠨ ᠰᠠᠨᠠᠭᠠᠨ ᠤ ᠳᠦ᠋ᠷᠰᠦ ᠪᠠᠢᠳ᠋ᠠᠯ ᠶᠢᠡᠷ ᠲᠠᠰᠤᠷᠠᠯᠳ᠋ᠠ ᠦᠭᠡᠶ ᠴᠢ᠍ᠷᠮᠠᠢᠨ ᠠᠵᠢ᠍ᠯᠯᠠᠵᠤ᠂ ᠠᠮᠢ᠍ᠳ᠋ᠤᠷᠠᠯ᠂ ᠠᠵᠢ᠍ᠯ᠂ ᠰᠤᠷᠤᠯᠴᠠᠯᠭ᠎ᠠ ᠶᠢᠨ ᠲᠠᠯ᠎ᠠ ᠪᠠᠷ ᠡᠪ ᠬᠠᠮᠲᠤ ᠨᠠᠮ ᠤᠨ ᠭᠡᠰᠢ᠍ᠭᠦᠨ ᠤ ᠬᠣᠰᠢ᠍ᠭᠤᠴᠢ ᠵᠢᠱᠢ᠍ᠶᠡᠴᠢ ᠦᠢ᠍ᠯᠡᠳ᠋ᠦᠯ ᠢ ᠪᠠᠳ᠋ᠠᠷᠠᠭᠤᠯᠬᠤ ᠶᠢ ᠬᠦᠰᠡᠪᠡ᠃ ᠰᠢ᠍ᠨ᠎ᠠ ᠨᠠᠮ ᠤᠨ ᠭᠡᠰᠢ᠍ᠭᠦᠨ ᠭᠠᠩ ᠬᠤ ᠨᠥᠬᠥᠷ ᠣᠪᠣᠷ ᠶᠢᠡᠨ ᠢᠯᠡᠳᠬᠡᠬᠦ ᠦᠭᠡ ᠬᠡᠯᠡᠵᠦ᠂ ᠬᠣᠢᠰᠢ᠍ᠳ᠋ᠠ ᠶᠠᠮᠠᠷᠪᠠ ᠰᠢ᠍ᠯᠭᠠᠯᠲᠠ ᠶᠢ ᠳᠠᠭᠠᠭᠠᠵᠤ ᠳᠡᠢᠯᠬᠦ ᠡᠪ ᠬᠠᠮᠲᠤ ᠨᠠᠮ ᠤᠨ ᠭᠡᠰᠢ᠍ᠭᠦᠨ ᠤ ᠪᠠᠷᠢ᠍ᠮᠵᠢ᠍ᠶ᠎ᠠ ᠪᠠᠷ ᠥᠪᠡᠷ ᠢ ᠪᠡᠨ ᠦᠷᠬᠦᠯᠵᠢᠯᠡᠨ ᠱᠠᠭᠠᠷᠳ᠋ᠠᠬᠤ ᠶᠢᠨ ᠬᠠᠮᠲᠤ᠂ᠲᠠᠷᠭᠡᠳᠡᠬᠢ ᠰᠢ᠍ᠯᠢ᠍ᠳ᠋ᠡᠭ᠌ ᠨᠠᠮ ᠤᠨ ᠭᠡᠰᠢ᠍ᠭᠦᠨ ᠶᠢᠠᠷ ᠪᠠᠷᠢ᠍ᠮᠵᠢ᠍ᠶᠠᠯᠠᠨ ᠬᠠᠷᠭᠤᠭᠤᠯᠵᠤ᠂ ᠪᠠᠷᠳ᠋ᠠᠮᠨᠠᠬᠤ ᠦᠭᠡᠶ ᠪᠡᠷ ᠬᠡᠪ ᠪᠣᠯᠪᠠᠰᠤᠷᠠᠯ ᠶᠢᠡᠨ ᠳᠡᠭᠡᠭ᠍ᠰᠢ᠍ᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠰᠢ᠍ᠨ᠎ᠠ ᠰᠢ᠍ᠪᠲᠤᠯᠤᠯᠲᠠ ᠲᠠᠶ ᠪᠤᠯᠵᠤ᠂ ᠠᠵᠢ᠍ᠯ ᠤᠨ ᠲᠠᠯ᠎ᠠ ᠪᠠᠷ ᠰᠢ᠍ᠨ᠎ᠠ ᠵᠢᠳᠬᠦᠯ ᠴᠢ᠍ᠷᠮᠠᠢ᠌ᠯᠭ᠎ᠠ ᠭᠠᠷᠭᠠᠬᠤ ᠪᠠᠷ ᠴᠢ᠍ᠷᠮᠠᠢ᠌ᠨ᠎ᠠ ᠭᠡᠵᠦ ᠢᠯᠡᠳᠬᠡᠪᠡ᠃(ᠳ᠋ᠠᠢ ᠰᠢᠶᠦ᠋ᠩ)

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠦᠨᠳᠤᠰᠤᠳᠡᠨ ᠤ ᠠᠵᠢᠯ ᠢ ᠴᠢᠩᠭᠠᠳᠬᠠᠬᠤ ᠪᠠ ᠰᠠᠢᠵᠢᠷᠠᠭᠤᠯᠬᠤ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠷᠠᠯ  ᠡᠴᠨ ᠡᠮᠤᠨᠡᠬᠢ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠨᠠᠮ ᠤᠨ ᠪᠠᠢᠭᠤᠯᠤᠯᠳᠠ ᠶᠢᠨ ᠲᠤᠰᠢᠶᠠᠯ ᠤᠨ ᠦᠨᠡᠯᠡᠯᠳᠠ ᠶᠢᠨ ᠬᠤᠷᠠᠯ ᠬᠤᠷᠠᠯᠳᠤᠭᠤᠯᠪᠠ