ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠭᠦᠷ ᠦᠨᠳ᠋ᠦᠰᠦᠲᠡᠨ ᠤ ᠠᠵᠢ᠍ᠯ ᠢ ᠴᠢ᠍ᠩᠭ᠋ᠠᠳᠬᠠᠨ ᠰᠠᠢᠵᠢ᠍ᠷᠠᠭᠤᠯᠬᠤ ᠲᠤᠰᠬᠠᠶ ᠰᠡᠳ᠋ᠦᠪᠲᠦ ᠵᠣᠬᠢᠶᠠᠨ ᠪᠠᠢᠭᠤᠯᠤᠯᠲᠠ ᠶᠢᠨ ᠠᠮᠢ᠍ᠳ᠋ᠤᠷᠠᠯ ᠤᠨ ᠬᠤᠷᠠᠯ ᠡᠴᠨ ᠡᠮᠤᠨᠡᠬᠢ ᠰᠤᠷᠤᠯᠴᠠᠯᠭ᠎ᠠ ᠦᠷᠨᠢᠬᠦᠯᠪᠡ

12 ᠰᠠᠷ᠎ᠠ ᠶᠢᠨ 21᠋ ᠤ ᠡᠳ᠋ᠦᠷ ᠤᠨ ᠦᠳ᠋ᠡ ᠶᠢᠨ ᠬᠣᠢᠨ᠎ᠠ᠂ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠭᠦᠷ ᠦᠨᠳ᠋ᠦᠰᠦᠲᠡᠨ ᠤ ᠠᠵᠢ᠍ᠯ ᠢ ᠴᠢ᠍ᠩᠭ᠋ᠠᠳᠬᠠᠨ ᠰᠠᠢᠵᠢ᠍ᠷᠠᠭᠤᠯᠬᠤ ᠲᠤᠰᠬᠠᠶ ᠰᠡᠳ᠋ᠦᠪᠲᠦ ᠵᠣᠬᠢᠶᠠᠨ ᠪᠠᠢ᠌ᠭᠤᠯᠤᠯᠲᠠ ᠶᠢᠨ ᠠᠮᠢ᠍ᠳ᠋ᠤᠷᠠᠯ ᠤᠨ ᠬᠤᠷᠠᠯ ᠡᠴᠨ ᠡᠮᠤᠨᠡᠬᠢ ᠰᠤᠷᠤᠯᠴᠠᠯᠭ᠎ᠠ ᠦᠷᠨᠢᠬᠦᠯᠪᠡ᠃ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠧᠩ ᠭᠦᠸᠧ ᠬᠤᠷᠠᠯ ᠡᠷᠬᠢᠯᠡᠬᠦ ᠶᠢᠨ ᠬᠠᠮᠲᠤ ᠳᠠᠭᠠᠭᠤᠯᠤᠨ ᠰᠤᠷᠤᠯᠴᠠᠪᠠ᠃

ᠬᠤᠷᠠᠯ ᠳᠡᠭᠡᠷ᠎ᠠ᠂ ᠶᠡᠷᠦᠩᠬᠡᠢ ᠱᠦ᠋ᠵᠢ ᠰᠢ ᠶᠢᠨ ᠫᠢᠩ ᠤᠨ ᠦᠨᠳ᠋ᠦᠰᠦᠲᠡᠨ ᠤ ᠠᠵᠢ᠍ᠯ ᠤᠨ ᠲᠤᠬᠠᠢ ᠴᠢ᠍ᠬᠤᠯᠠ ᠥᠭᠦᠯᠡᠯᠲᠡ᠂ ᠥᠪᠥᠷ ᠮᠣᠩᠭ᠋ᠣᠯ ᠤᠨ ᠠᠵᠢ᠍ᠯ ᠤᠨ ᠲᠤᠬᠠᠢ ᠴᠢ᠍ᠬᠤᠯᠠ ᠶᠠᠷᠢ᠍ᠶᠠᠨ ᠤ ᠵᠣᠷᠢ᠍ᠭ ᠰᠠᠨᠠᠭ᠎ᠠ ᠶᠢ ᠨᠠᠷᠢ᠍ᠨ ᠬᠢᠨᠠᠮᠠᠭᠠᠢ ᠰᠤᠷᠤᠯᠴᠠᠵᠤ᠂ ᠤᠯᠤᠰ ᠤᠨ ᠨᠡᠢᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠢ ᠳᠡᠯᠭᠡᠷᠡᠭᠦᠯᠦᠨ ᠲᠦ᠋ᠭᠡᠮᠡᠯᠵᠢ᠍ᠭᠦᠯᠬᠦ ᠠᠵᠢ᠍ᠯ ᠤᠨ ᠴᠢ᠍ᠬᠤᠯᠠ ᠵᠢᠭᠠᠪᠤᠷᠢ ᠶᠢᠨ ᠵᠣᠷᠢ᠍ᠭ ᠰᠠᠨᠠᠭ᠎ᠠ ᠶᠢ ᠳᠡᠯᠭᠡᠷᠡᠭᠦᠯᠬᠦ ᠶᠢᠨ ᠬᠠᠮᠲᠤ᠂ ᠥᠷᠭᠡᠨ ᠶᠢᠡᠷ ᠰᠠᠨᠠᠯ ᠬᠤᠷᠢ᠍ᠶᠠᠵᠤ᠂ ᠭᠦᠨᠵᠡᠭᠡᠢ ᠶᠠᠷᠢ᠍ᠯᠴᠠᠨ᠂ ᠬᠤᠪᠢ ᠬᠥᠮᠦᠨ ᠤ ᠶᠠᠷᠢ᠍ᠶᠠᠨ ᠤ ᠲᠣᠪᠴᠢ ᠪᠠᠨ ᠨᠠᠷᠢ᠍ᠨ ᠬᠢᠨᠠᠮᠠᠭᠠᠢ ᠪᠢᠴᠢ᠍ᠵᠦ᠂ ᠵᠣᠬᠢᠶᠠᠨ ᠪᠠᠢ᠌ᠭᠤᠯᠤᠯᠲᠠ ᠶᠢᠨ ᠠᠮᠢ᠍ᠳ᠋ᠤᠷᠠᠯ ᠤᠨ ᠬᠤᠷᠠᠯ ᠢ ᠴᠢ᠍ᠨᠠᠷ ᠰᠠᠢᠲᠠᠢ ᠬᠤᠷᠠᠯᠳ᠋ᠤᠭᠤᠯᠬᠤ ᠳᠤ ᠭᠦᠢ᠍ᠴᠡᠳ ᠪᠡᠯᠡᠳᠬᠡᠯ ᠬᠢᠬᠦ ᠬᠡᠷᠡᠭ᠍ᠲᠡᠢ ᠭᠡᠵᠦ ᠱᠠᠭᠠᠷᠳ᠋ᠠᠪᠠ᠃
ᠬᠤᠷᠠᠯ ᠡᠴᠡ᠂ ᠤᠯᠤᠰ ᠲᠦ᠋ᠷᠦ ᠶᠢᠨ ᠵᠣᠭᠰᠣᠴᠠ ᠪᠠᠨ ᠳᠡᠭᠡᠭ᠍ᠰᠢ᠍ᠯᠡᠭᠦᠯᠵᠦ᠂ ᠦᠵᠡᠯ ᠰᠠᠨᠠᠭᠠᠨ ᠤ ᠭᠦᠨ ᠡᠴᠡ ᠦᠨᠳ᠋ᠦᠰᠦᠲᠡᠨ ᠤ ᠠᠵᠢ᠍ᠯ ᠢ ᠰᠠᠢᠲᠤᠷ ᠬᠢᠬᠦ ᠶᠢᠨ ᠴᠢ᠍ᠬᠤᠯᠠ ᠴᠢ᠍ᠨᠠᠷ ᠢ ᠭᠦᠨᠵᠡᠭᠡᠢ ᠲᠠᠨᠢᠵᠤ᠂ ᠰᠤᠷᠤᠯᠴᠠᠬᠤ ᠶᠠᠪᠤᠴᠠ ᠳᠠᠭᠠᠨ ᠨᠠᠮ ᠤᠨ ᠦᠨᠳ᠋ᠦᠰᠦᠲᠡᠨ ᠤ ᠲᠦ᠋ᠷᠦ ᠶᠢᠨ ᠪᠤᠳ᠋ᠤᠯᠭ᠎ᠠ ᠶᠢ ᠨᠠᠢᠳ᠋ᠠᠪᠤᠷᠢ᠍ᠵᠢ᠍ᠭᠤᠯᠬᠤ ᠶᠢ ᠠᠬᠢᠭᠤᠯᠬᠤ᠂ ᠦᠨᠳ᠋ᠦᠰᠦᠲᠡᠨ ᠤ ᠪᠦᠯᠬᠦᠮᠳ᠋ᠡᠯ ᠢ ᠬᠠᠮᠠᠭᠠᠯᠠᠬᠤ᠂ ᠨᠡᠢᠭᠡᠮ ᠤᠨ ᠲᠣᠭᠲᠠᠭᠤᠨ ᠢ ᠠᠬᠢᠭᠤᠯᠬᠤ᠂ ᠳᠤᠮᠳ᠋ᠠᠳ᠋ᠤ ᠶᠢᠨ ᠦᠨᠳ᠋ᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠷᠭ᠎ᠠ ᠬᠡᠮᠵᠢ᠍ᠶ᠎ᠠ ᠶᠢ ᠴᠢ᠍ᠷᠮᠠᠢᠨ ᠡᠷᠢ᠍ᠯᠬᠢᠯᠡᠬᠦ ᠬᠡᠷᠡᠭ᠍ᠲᠡᠢ᠃ ᠲᠤᠰᠬᠠᠶ ᠰᠡᠳ᠋ᠦᠪᠲᠦ ᠵᠣᠬᠢᠶᠠᠨ ᠪᠠᠢ᠌ᠭᠤᠯᠤᠯᠲᠠ ᠶᠢᠨ ᠠᠮᠢ᠍ᠳ᠋ᠤᠷᠠᠯ ᠤᠨ ᠬᠤᠷᠠᠯ ᠤᠨ ᠡᠯ᠎ᠠ ᠵᠤᠢᠯ ᠤᠨ ᠪᠡᠯᠡᠳᠬᠡᠯ ᠠᠵᠢ᠍ᠯ ᠢ ᠨᠠᠷᠢ᠍ᠨ ᠬᠢᠨᠠᠮᠠᠭᠠᠶ ᠰᠠᠢᠲᠤᠷ ᠬᠢᠵᠦ᠂ ᠶᠡᠷᠦᠩᠬᠡᠶ ᠱᠦ᠋ᠵᠢ ᠰᠢ ᠶᠢᠨ ᠫᠢᠩ ᠤᠨ ᠦᠨᠳ᠋ᠦᠰᠦᠲᠡᠨ ᠤ ᠠᠵᠢ᠍ᠯ ᠤᠨ ᠲᠤᠬᠠᠶ ᠴᠢ᠍ᠬᠤᠯᠠ ᠥᠭᠦᠯᠡᠯᠲᠡ ᠪᠠ ᠰᠢ᠍ᠷᠢ᠍ᠰ ᠴᠢ᠍ᠬᠤᠯᠠ ᠶᠠᠷᠢ᠍ᠶᠠᠨ ᠤ ᠵᠣᠷᠢ᠍ᠭ ᠰᠠᠨᠠᠭ᠎ᠠ ᠶᠢ ᠦᠷᠭᠦᠯᠵᠢ᠍ᠯᠡᠨ ᠭᠦᠨᠵᠡᠭᠡᠶ ᠰᠤᠷᠤᠯᠴᠠᠵᠤ ᠲᠤᠭᠤᠰᠢ᠍ᠯᠠᠭᠤᠯᠤᠨ᠂ ᠪᠦᠯᠬᠦᠮᠳ᠋ᠡᠨ ᠨᠢ᠍ᠭᠡᠳᠴᠦ᠂ ᠬᠦᠴᠦᠨ ᠴᠢ᠍ᠳ᠋ᠠᠯ ᠶᠢᠡᠨ ᠨᠢ᠍ᠭᠲᠠᠷᠠᠭᠤᠯᠤᠨ᠂ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢᠭᠤᠯᠭ᠎ᠠ ᠶᠢᠨ ᠦᠢᠯᠡᠴᠢ᠍ᠯᠡᠭᠡᠨ ᠤ ᠴᠢ᠍ᠳ᠋ᠠᠪᠤᠷᠢ ᠪᠠ ᠬᠢᠷᠢ ᠲᠦ᠋ᠪᠰᠢ᠍ᠨ ᠢ ᠲᠠᠰᠤᠷᠠᠯᠲᠠ ᠥᠬᠡᠶ ᠳᠡᠭᠡᠭ᠍ᠰᠢ᠍ᠯᠡᠭᠦᠯᠬᠦ ᠬᠡᠷᠡᠭ᠍ᠲᠡᠶ᠃ ᠲᠤᠰ ᠤᠳ᠋ᠠᠭᠠᠨ ᠤ ᠬᠤᠷᠠᠯ ᠶᠢᠡᠷ ᠰᠢ᠍ᠨ᠎ᠠ ᠭᠠᠷᠤᠭ᠎ᠠ ᠪᠣᠯᠭᠠᠵᠤ᠂ ᠲᠥᠪ ᠴᠢ᠍ᠩᠭ᠎ᠠ ᠨᠠᠷᠢ᠍ᠨ ᠬᠢᠨᠠᠮᠠᠭᠠᠶ ᠣᠪᠣᠷ ᠶᠢᠡᠷ᠂ ᠲᠤᠰ ᠵᠣᠬᠢᠶᠠᠨ ᠪᠠᠢᠭᠤᠯᠤᠯᠲᠠ ᠶᠢᠨ ᠠᠮᠢ᠍ᠳ᠋ᠤᠷᠠᠯ ᠤᠨ ᠬᠤᠷᠠᠯ ᠡᠴᠡ ᠡᠮᠦᠨ᠎ᠠ ᠬᠤᠷᠢ᠍ᠶᠠᠭᠰᠠᠨ ᠰᠠᠨᠠᠯ᠂ ᠤᠳ᠋ᠤᠷᠢ᠍ᠳᠬᠤ ᠪᠠᠭ ᠤᠨ ᠪᠠᠢᠴᠠᠭᠠᠨ ᠢᠯᠡᠷᠡᠭᠦᠯᠦᠭ᠍ᠰᠡᠨ ᠠᠰᠠᠭᠤᠳ᠋ᠠᠯ᠂ ᠥᠪᠡᠷ ᠤᠨ ᠪᠠᠶ᠎ᠠ ᠡᠴᠨ ᠪᠠᠨ ᠡᠷᠢ᠍ᠵᠦ ᠭᠠᠷᠭᠠᠭᠰᠠᠨ ᠠᠰᠠᠭᠤᠳ᠋ᠠᠯ᠂ ᠬᠤᠷᠠᠯ ᠳᠡᠭᠡᠷᠡᠬᠢ ᠨᠥᠬᠥᠳ ᠤᠨ ᠳᠤᠷᠠᠳ᠋ᠤᠭᠰᠠᠨ ᠰᠠᠨᠠᠯ ᠰᠠᠨᠠᠭᠤᠯᠭ᠎ᠠ ᠪᠦᠬᠦᠨ ᠢ ᠠᠰᠠᠭᠤᠳ᠋ᠠᠯ ᠤᠨ ᠨᠠᠷᠢ᠍ᠨ ᠲᠠᠩᠰᠠ ᠪᠣᠯᠭᠠᠵᠤ ᠴᠡᠭ᠍ᠴᠡᠯᠡᠨ ᠰᠠᠢᠵᠢ᠍ᠷᠠᠭᠤᠯᠬᠤ ᠲᠠᠩᠰᠠ ᠪᠠᠢ᠌ᠭᠤᠯᠤᠨ᠂ ᠴᠢ᠍ᠩᠭ᠎ᠠ ᠬᠠᠲᠠᠭᠤ ᠠᠷᠭ᠎ᠠ ᠬᠡᠮᠵᠢ᠍ᠶ᠎ᠠ ᠠᠪᠴᠤ᠂ ᠴᠡᠭ᠍ᠴᠡᠯᠡᠨ ᠰᠠᠢᠵᠢ᠍ᠷᠠᠭᠤᠯᠵᠤ ᠨᠠᠢᠳ᠋ᠠᠪᠤᠷᠢ᠍ᠵᠢ᠍ᠭᠤᠯᠬᠤ ᠶᠢ ᠯᠠᠪᠳ᠋ᠠᠭᠤᠨ ᠪᠠᠲᠤᠲᠠᠶ᠂ ᠲᠦᠷᠤᠯ ᠵᠤᠢᠯ ᠳᠠᠷᠠᠭᠠᠯᠠᠨ ᠰᠠᠢᠲᠤᠷ ᠠᠳᠬᠤᠬᠤ ᠬᠡᠷᠡᠭ᠍ᠲᠡᠶ ᠭᠡᠵᠡᠢ᠃
(ᠳ᠋ᠠᠢ ᠰᠢᠶᠦ᠋ᠩ)