ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠦᠨᠳᠤᠰᠤᠳᠠᠨ ᠤ ᠠᠵᠢᠯ ᠢ ᠴᠢᠩᠭᠠᠳᠬᠠᠨ ᠰᠠᠢᠵᠢᠷᠠᠭᠤᠯᠬᠤ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ



12 ᠰᠠᠷ᠎ᠠ ᠶᠢᠨ29᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠦᠨᠳᠤᠰᠤᠳᠠᠨ ᠤ ᠠᠵᠢᠯ ᠢ ᠴᠢᠩᠭᠠᠳᠬᠠᠨ ᠰᠠᠢᠵᠢᠷᠠᠭᠤᠯᠬᠤ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠬᠦ ᠶᠢᠨ ᠬᠠᠮᠳᠤ ᠶᠠᠷᠢᠶ᠎ᠠ ᠬᠢᠪᠡ᠃ ᠬᠤᠰᠢᠭᠤᠨ ᠤ ᠬᠤᠶᠠᠳᠤᠭᠠᠷ ᠡᠭᠡᠯᠵᠢ ᠶᠢᠨ ᠲᠤᠭᠤᠷᠢᠨ ᠪᠠᠢᠴᠠᠭᠠᠨ ᠵᠢᠯᠤᠭᠤᠳᠬᠤ ᠲᠤᠭᠤᠢᠯᠠᠩ ᠤᠨ ᠲᠠᠷᠤᠭ᠎ᠠ ᠹᠸᠩ ᠪᠦᠸᠸ ᠵᠢᠴᠢ ᠵᠢᠯᠤᠭᠤᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠬᠤᠷᠠᠯ ᠳᠤ ᠤᠷᠤᠯᠴᠠᠨ ᠵᠢᠯᠤᠭᠤᠳᠪᠠ᠃

ᠬᠤᠷᠠᠯ ᠲᠠᠭᠡᠷ᠎ᠠ᠂ ᠯᠢ ᠴᠸᠩ ᠬᠦᠸᠸ ᠱᠦᠵᠢ ᠡᠴᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠭᠡᠯ ᠠᠵᠢᠯ ᠵᠢᠴᠢ ᠰᠠᠨᠠᠯ ᠬᠤᠷᠢᠶᠠᠭᠰᠨᠨ ᠪᠠᠢᠳᠠᠯ ᠵᠡᠷᠭᠡ ᠲᠠᠯ᠎ᠠ ᠪᠡᠷ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠢ ᠲᠦᠯᠤᠭᠡᠯᠡᠨ ᠬᠠᠷᠢᠭᠤᠴᠠᠭᠤᠯᠤᠨ ᠪᠠᠢᠴᠠᠭᠠᠯᠳᠠ ᠶᠢᠨ ᠮᠡᠳᠡᠬᠦᠯᠤᠯᠳᠠ ᠬᠢᠬᠦ ᠶᠢᠨ ᠬᠠᠮᠳᠤ᠂ ᠬᠤᠪᠢ ᠪᠡᠷ ᠶᠢᠠᠨ ᠲᠠᠷᠢᠬᠦᠯᠡᠨ ᠪᠠᠢᠴᠠᠭᠠᠠᠯᠳᠠ ᠶᠢᠨ ᠵᠠᠳᠠᠯᠤᠯᠳᠠ ᠬᠢᠪᠡ᠂ ᠪᠤᠰᠤᠤᠨ ᠪᠦᠷᠢᠯᠳᠤᠬᠦᠨ ᠭᠡᠰᠢᠬᠦᠤᠨ ᠴᠤ ᠲᠠᠷᠠᠭᠠᠯᠠᠨ ᠪᠠᠢᠴᠠᠭᠠᠠᠯᠳᠠ ᠶᠢᠨ ᠵᠠᠳᠠᠯᠤᠯᠳᠠ ᠬᠢᠵᠤ ᠬᠤᠭᠤᠷᠤᠨᠳᠤ ᠪᠠᠨ ᠬᠠᠷᠢᠯᠴᠠᠨ ᠰᠢᠬᠦᠮᠵᠢᠯᠡᠯ ᠬᠢᠪᠡ᠃ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠠᠵᠢᠯ ᠪᠠ ᠬᠤᠪᠢ ᠬᠦᠮᠤᠨ ᠤ ᠠᠵᠢᠯ ᠤᠨ ᠪᠤᠳᠠᠳᠠᠢ ᠡᠴᠨ ᠭᠤᠤᠯ ᠰᠡᠳᠤᠪ ᠤᠨ ᠠᠰᠠᠭᠤᠳᠠᠯ ᠡᠷᠢᠬᠦ ᠲᠠᠢ ᠨᠢᠭᠳᠠ ᠠᠪᠤᠴᠠᠯᠳᠤᠭᠤᠯᠤᠨ᠂ ᠠᠰᠠᠭᠤᠳᠠᠯ ᠤᠨ ᠡᠬᠢ ᠰᠤᠷᠪᠤᠯᠵᠢ ᠳᠤ ᠬᠦᠨ ᠵᠠᠳᠠᠯᠤᠯᠳᠠ ᠬᠢᠵᠤ᠂ ᠤᠷᠤᠰᠢᠵᠤ ᠪᠠᠢᠭ᠎ᠠ ᠠᠰᠠᠭᠤᠳᠠᠯ ᠤᠨ ᠵᠦᠷᠢᠶ᠎ᠠ ᠪᠠ ᠬᠦᠷᠤᠯᠴᠠᠬᠦ ᠦᠭᠡᠢ ᠲᠠᠯ᠎ᠠ ᠶᠢ ᠬᠦᠨᠵᠡᠭᠡᠢ ᠰᠡᠳᠬᠢᠨ᠂ ᠴᠡᠭᠴᠡᠯᠡᠨ ᠵᠠᠰᠠᠬᠤ ᠠᠷᠭ᠎ᠠ ᠠᠪᠴᠠᠯ ᠪᠠ ᠴᠢᠷᠮᠠᠢᠬᠤ ᠴᠢᠭᠯᠡᠯ ᠶᠢᠠᠨ ᠲᠤᠳᠤᠳᠬᠠᠵᠤ᠂ ᠤᠷᠢᠳᠴᠢᠯᠠᠨ ᠵᠢᠱᠢᠭᠰᠡᠡ ᠦᠷ᠎ᠠ ᠪᠦᠳᠤᠮᠵᠢ ᠳᠤ ᠬᠦᠷᠪᠡ᠃

ᠬᠤᠰᠢᠭᠤᠨ ᠤ ᠬᠤᠶᠠᠳᠤᠭᠠᠷ ᠡᠭᠡᠯᠵᠢ ᠶᠢᠨ ᠲᠤᠭᠤᠷᠢᠨ ᠪᠠᠢᠴᠠᠭᠠᠵᠤ ᠵᠢᠯᠤᠭᠤᠳᠬᠤ ᠲᠤᠭᠤᠢᠯᠠᠩ ᠤᠨ ᠬᠢᠨ ᠡᠴᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠦᠷᠨᠢᠬᠦᠯᠦᠭᠰᠨᠨ ᠪᠠᠢᠳᠠᠯ ᠳᠤ ᠦᠨᠡᠯᠡᠯᠳᠠ ᠬᠢᠪᠡ᠃(ᠳ᠋ᠠᠢ ᠰᠢᠶᠦ᠋ᠩ)