ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠠᠵᠢᠯ ᠳᠤ ᠦᠨᠡᠯᠡᠯᠳᠠ ᠬᠢᠪᠡ


ᠤᠢᠷ᠎ᠠ ᠳᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ ᠲᠤᠰᠪᠤᠷᠢ ᠬᠠᠮᠢᠶ᠎ᠠ ᠪᠦᠬᠦᠢ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠪᠠ ᠭᠡᠰᠡᠭ ᠠᠷᠠᠳ ᠤᠨ ᠲᠦᠯᠤᠭᠡᠯᠡᠭᠴᠢ ᠪᠡᠷ ᠪᠦᠷᠢᠯᠳᠦᠭᠰᠨᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠵᠢᠯ ᠦᠨᠡᠯᠡᠯᠳᠠ ᠶᠢᠨ ᠲᠤᠭᠤᠢᠯᠠᠩ ᠢ ᠲᠠᠭᠠᠭᠤᠯᠤᠨ᠂ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠢᠭᠡᠮ ᠤᠨ ᠪᠠᠳᠤᠯᠠᠭ᠎ᠠ ᠶᠢᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠵᠡᠷᠭᠡ ᠵᠠᠰᠠᠭ ᠤᠨ ᠤᠷᠳᠤᠨ ᠤ ᠲᠦᠷᠪᠠᠨ ᠰᠠᠯᠠᠭ᠎ᠠ ᠮᠦᠴᠢᠷ ᠤᠨ ᠠᠵᠢᠯ ᠳᠤ ᠦᠨᠡᠯᠡᠯᠳᠠ ᠬᠢᠪᠡ᠃

ᠬᠤᠷᠠᠯ ᠡᠴᠨ ᠴᠢᠩᠭᠠᠳᠬᠠᠭᠰᠨᠨ ᠨᠢ᠂ ᠦᠨᠡᠯᠡᠭᠳᠡᠬᠦ ᠰᠠᠯᠠᠭ᠎ᠠ ᠮᠦᠴᠢᠷ ᠤᠪᠤᠷ ᠰᠤᠷᠳᠠᠯ ᠶᠢᠠᠨ ᠲᠦᠪ ᠪᠠᠢᠯᠭᠠᠵᠤ᠂ ᠦᠨᠡᠯᠡᠯᠳᠠ ᠶᠢᠨ ᠲᠤᠭᠤᠢᠯᠠᠩ ᠪᠠ ᠠᠷᠠᠳ ᠤᠨ ᠲᠦᠯᠤᠭᠡᠯᠡᠭᠴᠢ ᠳᠤ ᠰᠠᠨᠠᠭᠠᠴᠢᠯᠠᠭ᠎ᠠ ᠡᠴᠨ ᠪᠠᠨ ᠲᠤᠰᠢᠶᠠᠯ ᠬᠠᠷᠢᠭᠤᠴᠠᠭᠰᠨᠨ ᠪᠠᠢᠳᠠᠯ ᠶᠢᠠᠨ ᠮᠡᠳᠡᠬᠦᠯᠵᠤ᠂ ᠠᠵᠢᠯ ᠦᠷᠨᠢᠬᠦᠯᠦᠭᠰᠨᠨ ᠪᠠᠢᠳᠠᠯ᠂ ᠤᠯᠤᠭᠰᠨᠨ ᠠᠮᠵᠢᠯᠳᠠ ᠪᠠ ᠤᠷᠤᠰᠢᠵᠤ ᠪᠠᠢᠭ᠎ᠠ ᠠᠰᠠᠭᠤᠳᠠᠯ ᠶᠢᠠᠨ ᠦᠨᠡᠨ ᠪᠤᠳᠠᠳᠠᠢ ᠪᠡᠷ ᠬᠠᠷᠢᠭᠤ ᠲᠤᠰᠬᠠᠬᠤ ᠭᠡᠷᠡᠭᠳᠡᠢ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯᠳᠠᠯᠭ᠎ᠠ ᠲᠠᠢ ᠠᠵᠢᠯ ᠪᠠ ᠲᠤᠰ ᠰᠠᠯᠠᠭ᠎ᠠ ᠮᠦᠴᠢᠷ ᠤᠨ ᠪᠤᠳᠠᠳᠠᠢ ᠪᠠᠢᠳᠠᠯ ᠲᠠᠢ ᠤᠶᠠᠯᠳᠤᠭᠤᠯᠤᠨ᠂ ᠦᠨᠳᠤᠰᠤᠨ ᠱᠠᠳᠤᠨ ᠤ ᠤᠢᠯᠡᠴᠢᠯᠡᠬᠦ᠂ ᠤᠢᠯᠡᠴᠢᠯᠡᠭᠡᠨ ᠤ ᠬᠦᠭᠵᠢᠯᠳᠠ᠂ ᠠᠷᠠᠳ ᠤᠨ ᠠᠮᠢᠳᠤᠷᠠᠯ ᠳᠤ ᠤᠢᠯᠡᠴᠢᠯᠡᠬᠦ ᠵᠡᠷᠭᠡ ᠲᠠᠯ᠎ᠠ ᠳᠤ ᠤᠷᠤᠰᠢᠵᠤ ᠪᠠᠢᠭ᠎ᠠ ᠠᠰᠠᠭᠤᠳᠠᠯ ᠪᠠ ᠬᠦᠷᠤᠯᠴᠡᠬᠦ ᠦᠭᠡᠢ ᠲᠠᠯ᠎ᠠ ᠪᠠᠨ ᠡᠷᠢᠨ ᠭᠠᠷᠭᠠᠵᠤ᠂ ᠴᠡᠭᠴᠡᠯᠡᠨ ᠦᠭᠡᠷᠡᠴᠢᠯᠡᠬᠦ ᠶᠢ ᠠᠵᠢᠯ ᠦᠨᠡᠯᠡᠨ ᠵᠦᠪᠯᠡᠬᠦ ᠪᠦᠬᠦ ᠶᠠᠪᠤᠴᠨ ᠳᠤ ᠲᠤᠭᠤᠰᠢᠯᠠᠭᠤᠯᠵᠤ᠂ ᠬᠦᠴᠤ ᠪᠠᠨ ᠲᠦᠪᠯᠡᠷᠡᠬᠦᠯᠤᠨ ᠴᠡᠭᠴᠡᠯᠡᠨ ᠦᠭᠡᠷᠡᠴᠢᠯᠡᠵᠤ᠂ ᠨᠠᠷᠢᠨ ᠬᠢᠨᠠᠮᠠᠭᠠᠢ ᠲᠦᠷᠤᠯ ᠬᠤᠪᠢᠶᠠᠨ ᠡᠮᠬᠢᠳᠭᠡᠵᠤ᠂ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠵᠤ᠂ ᠴᠡᠭᠴᠡᠯᠡᠨ ᠦᠭᠡᠷᠡᠴᠢᠯᠡᠬᠦ ᠠᠷᠭ᠎ᠠ ᠠᠪᠴᠠᠯ ᠢ ᠨᠠᠢᠳᠠᠪᠤᠷᠢᠵᠢᠭᠤᠯᠬᠤ ᠭᠡᠷᠡᠭᠳᠡᠢ ᠭᠡᠵᠡᠢ᠃

ᠬᠤᠷᠠᠯ ᠲᠠᠭᠡᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠡᠴᠨ《ᠲᠤᠰᠢᠶᠠᠯ ᠤᠨ ᠮᠡᠳᠡᠬᠦᠯᠤᠯᠳᠠ ᠶᠢᠨ ᠦᠨᠡᠯᠡᠯᠳᠠ ᠶᠢᠨ ᠠᠵᠢᠯ ᠤᠨ ᠲᠦᠰᠤᠯ》᠋ ᠢ ᠤᠩᠰᠢᠨ ᠨᠡᠪᠳᠡᠷᠭᠡᠵᠤ᠂ ᠦᠨᠡᠯᠡᠭᠳᠡᠬᠦ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠡᠴᠨ ᠲᠤᠰ ᠰᠠᠯᠠᠭ᠎ᠠ ᠮᠦᠴᠢᠷ ᠤᠨ ᠲᠤᠰᠢᠶᠠᠯ ᠤᠨ ᠴᠢᠳᠠᠪᠤᠷᠢ ᠪᠠᠨ ᠪᠠᠳᠠᠷᠠᠭᠤᠯᠤᠨ᠂ ᠭᠠᠵᠠᠷ ᠤᠷᠤᠨ ᠤ ᠠᠵᠤ ᠠᠬᠤᠢ ᠨᠡᠢᠭᠡᠮ ᠤᠨ ᠬᠦᠭᠵᠢᠯᠳᠠ ᠳᠤ ᠤᠢᠯᠡᠴᠢᠯᠡᠭᠰᠨᠨ ᠪᠠᠢᠳᠠᠯ᠂ ᠡᠯ᠎ᠠ ᠲᠦᠷᠤᠯ ᠤᠨ ᠠᠵᠢᠯ ᠤᠨ ᠬᠠᠷᠠᠯᠳᠠ ᠡᠬᠦᠷᠭᠡ ᠪᠠᠨ ᠪᠡᠶᠡᠯᠡᠬᠦᠯᠦᠭᠰᠨᠨ ᠪᠠᠢᠳᠠᠯ᠂ ᠠᠷᠠᠳ ᠤᠨ ᠲᠦᠯᠤᠭᠡᠯᠡᠭᠴᠢ ᠶᠢᠨ ᠵᠦᠪᠯᠡᠯᠭᠡ ᠰᠠᠨᠠᠭᠤᠯᠭ᠎ᠠ ᠶᠢ ᠬᠦᠢᠴᠡᠳᠭᠡᠭᠰᠨᠨ ᠪᠠᠢᠳᠠᠯ ᠵᠡᠷᠭᠡ ᠲᠠᠯ᠎ᠠ ᠪᠡᠷ ᠠᠵᠢᠯ ᠤᠨ ᠮᠡᠳᠡᠬᠦᠯᠤᠯᠳᠠ ᠬᠢᠪᠡ᠃ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠤ ᠠᠷᠠᠳᠴᠢᠯᠠᠯ ᠶᠢᠠᠷ ᠰᠢᠯᠭᠠᠨ ᠦᠨᠡᠯᠡᠯᠳᠠ ᠬᠢᠬᠦ ᠶᠢᠨ ᠬᠠᠮᠳᠤ᠂ ᠲᠤᠰᠬᠠᠢ ᠶᠠᠷᠢᠯᠴᠠᠭ᠎ᠠ ᠦᠷᠨᠢᠬᠦᠯᠪᠡ᠃(ᠳ᠋ᠠᠢ ᠰᠢᠶᠦ᠋ᠩ)