ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠳ ᠬᠣᠰᠢᠭᠤᠨ ᠤ ᠠᠷᠪᠠᠨ ᠵᠢᠷᠭᠤᠳᠤᠭᠠᠷ᠁
ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠪᠠ

 

        

        12 ᠰᠠᠷ᠎ᠠ ᠶᠢᠨ 31᠋ ᠤ ᠡᠳᠦᠷ᠂ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠪᠠ᠃ ᠬᠣᠰᠢᠭᠤᠨ ᠤ ᠠᠷᠠᠳ ᠤᠨ ᠲᠥᠯᠥᠭᠡᠯᠡᠭᠴᠢᠳ  ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠾᠦ᠋ᠢ᠂ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠭᠡᠰᠢᠬᠦᠨ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠭᠡᠰᠢᠬᠦᠨ᠂ ᠲᠠᠳ᠋ ᠬᠤᠰᠢᠭᠤᠨ ᠲᠠᠷᠤᠭ᠎ᠠ ᠮᠡᠷᠭᠡᠨᠪᠠᠳᠤ᠂ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠲᠠᠷᠤᠭ᠎ᠠ ᠶᠠᠩ ᠭᠧ ᠬᠤᠸᠨ᠂ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠲᠠᠷᠤᠭ᠎ᠠ ᠳ᠋ᠸᠩ ᠭᠤᠸᠠᠩ ᠹᠸᠩ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠭᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠰᠤᠯᠨ ᠤᠷᠤᠯᠴᠠᠵᠤ᠂ ᠡᠤ ᠰᠢᠶᠤᠤ ᠬᠤᠷᠠᠯ ᠡᠷᠬᠢᠯᠡᠪᠡ᠃

        


        
              ᠲᠤᠰ ᠤᠳᠠᠭᠠᠨ ᠤ ᠬᠤᠷᠠᠯᠳᠤᠭᠠᠨ ᠳᠤ ᠤᠷᠤᠯᠴᠠᠬᠤ ᠪᠠᠢᠩᠭᠤ ᠶᠢᠨ ᠬᠣᠷᠢᠶᠠᠨ ᠤ ᠭᠡᠰᠢᠭᠦᠨ 28 ᠬᠥᠮᠦᠨ᠂ ᠪᠣᠳᠠᠲᠠᠶ ᠤᠷᠤᠯᠴᠠᠭᠰᠠᠠ ᠨᠢ 24 ᠬᠥᠮᠦᠨ ᠪᠠᠢᠵᠤ᠂ ᠬᠠᠤᠯᠢ ᠳᠤ ᠲᠣᠭᠲᠠᠭᠠᠭᠰᠠᠨ ᠬᠥᠮᠦᠨ ᠦ ᠲᠣᠭ᠎ᠠ ᠳᠤ ᠨᠡᠢᠴᠡᠨ᠎ᠡ᠃

        
              ᠬᠤᠷᠠᠯ ᠶᠢᠠᠷ ᠠᠵᠢᠯᠳᠠᠨ ᠤ ᠲᠤᠰᠢᠶᠠᠯ ᠳᠤ ᠲᠤᠮᠢᠯᠠᠬᠤ ᠪᠠᠭᠤᠯᠭᠠᠬᠤ ᠶᠠᠪᠤᠳᠠᠯ ᠢ ᠪᠠᠳᠤᠯᠠᠵᠤ᠂ ᠮᠡᠷᠭᠡᠨᠪᠠᠳᠤ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠳᠤ ᠲᠤᠷᠠᠳᠤᠨ ᠲᠠᠪᠰᠢᠬᠦᠯᠦᠭᠰᠨᠨ ᠺᠠᠳ᠋ᠷ ᠢ ᠲᠤᠰᠢᠶᠠᠯ ᠳᠤ ᠲᠤᠮᠢᠯᠠᠬᠤ ᠲᠤᠬᠠᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠦᠪᠯᠡᠯᠭᠡ ᠶᠢ ᠤᠩᠰᠢᠨ ᠨᠡᠪᠳᠡᠷᠭᠡᠪᠡ᠃ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠭᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠨ ᠪᠠᠳᠤ ᠨᠦᠬᠦᠷ ᠤᠨ ᠲᠤᠪᠴᠢ ᠨᠠᠮᠳᠠᠷ ᠢ ᠤᠩᠰᠢᠨ ᠨᠡᠪᠳᠡᠷᠭᠡᠪᠡ᠃ ᠳ᠋ᠸᠩ ᠭᠤᠸᠠᠩ ᠹᠸᠩ ᠡᠴᠨ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠤ《ᠰᠡᠴᠡᠨᠳᠠᠨ᠎ᠡ ᠶᠢ ᠲᠤᠰᠢᠶᠠᠯ ᠳᠤ ᠲᠤᠷᠠᠳᠤᠨ ᠲᠠᠪᠰᠢᠬᠦᠯᠬᠦ ᠲᠤᠬᠠᠢ ᠵᠦᠪᠯᠡᠯᠭᠡ》᠋ ᠪᠠ ᠵᠢᠱᠢᠭᠳᠡᠭᠴᠢ ᠶᠢᠨ ᠲᠤᠪᠴᠢ ᠨᠠᠮᠳᠠᠷ ᠢ ᠤᠩᠰᠢᠨ ᠨᠡᠪᠳᠡᠷᠭᠡᠪᠡ᠃

        

        ᠬᠤᠷᠠᠯ ᠲᠠᠭᠡᠷ᠎ᠠ ᠭᠠᠷ ᠡᠷᠬᠦᠨ ᠪᠠᠳᠤᠯᠠᠬᠤ ᠪᠡᠷ ᠲᠠᠮᠵᠢᠨ᠂ ᠪᠠᠢ ᠬᠤᠸᠨ ᠨᠦᠬᠦᠷ ᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠳ᠋ ᠬᠤᠰᠢᠭᠤᠨ ᠲᠠᠷᠤᠭ᠎ᠠ ᠶᠢᠨ ᠲᠤᠰᠢᠶᠠᠯ ᠡᠴᠨ ᠪᠠᠭᠤᠯᠭᠠᠬᠤ ᠶᠢ ᠵᠦᠪᠰᠢᠶᠡᠷᠡᠪᠡ᠃ ᠲᠤᠰᠢᠶᠠᠯ ᠳᠤ ᠲᠤᠮᠢᠯᠠᠬᠤ ᠵᠢᠱᠢᠭᠳᠡᠭᠴᠢ ᠡᠴᠨ ᠲᠤᠰᠢᠶᠠᠯ ᠡᠬᠦᠷᠭᠡᠯᠡᠬᠦ ᠶᠠᠷᠢᠶ᠎ᠠ ᠬᠢᠪᠡ᠃ ᠬᠤᠷᠠᠯ ᠶᠢᠠᠷ ᠪᠢᠯᠸᠲ ᠦᠭᠴᠤ ᠰᠤᠩᠭᠤᠬᠤ ᠪᠡᠷ ᠲᠠᠮᠵᠢᠨ᠂ ᠪᠠᠳᠤ ᠨᠦᠬᠦᠷ ᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠳ᠋ ᠬᠤᠰᠢᠭᠤᠨ ᠲᠠᠷᠤᠭ᠎ᠠ᠂ ᠰᠡᠴᠡᠨᠳᠠᠨ᠎ᠡ ᠨᠦᠬᠦᠷ ᠢ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠤ ᠪᠠᠢᠴᠠᠭᠠᠭᠴᠢ ᠪᠡᠷ ᠲᠤᠮᠢᠯᠠᠪᠠ᠃ ᠡᠤ ᠴᠢᠩ ᠬᠠᠢ ᠨᠦᠬᠦᠷ ᠡᠴᠨ ᠰᠢᠨ᠎ᠡ ᠲᠤᠰᠢᠶᠠᠯ ᠳᠤ ᠲᠤᠮᠢᠯᠠᠭᠳᠠᠭᠰᠠᠳ ᠲᠤ ᠲᠤᠮᠢᠯᠠᠯ ᠤᠨ ᠪᠢᠴᠢᠭ᠌ ᠭᠠᠷᠳᠠᠭᠤᠯᠵᠤ᠂ ᠰᠢᠨ᠎ᠡ ᠲᠤᠰᠢᠶᠠᠯ ᠳᠤ ᠲᠤᠮᠢᠯᠠᠭᠳᠠᠭᠰᠠᠳ ᠦᠨᠳᠤᠰᠤᠨ ᠬᠠᠤᠯᠢ ᠳᠤ ᠲᠠᠩᠭᠠᠷᠢᠭᠯᠠᠪᠠ᠃   

         

       

        ᠬᠤᠷᠠᠯ ᠡᠴᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ《2020 ᠤᠨ ᠤ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠪᠠᠶᠡᠯᠡᠬᠦᠯᠦᠭᠰᠨᠨ ᠪᠠᠢᠳᠠᠯ ᠤᠨ ᠮᠡᠳᠡᠬᠦᠯᠤᠯᠳᠠ》᠋ ᠶᠢ ᠰᠤᠨᠤᠰᠤᠨ ᠬᠢᠨᠠᠨ ᠵᠦᠪᠯᠡᠪᠡ᠃ ᠭᠡᠰᠡᠭ ᠬᠤᠳᠠ ᠶᠢᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠲᠤᠰᠢᠶᠠᠯ ᠲᠤᠭᠠᠴᠢᠯᠳᠠ ᠶᠢᠨ ᠮᠡᠳᠡᠬᠦᠯᠤᠯᠳᠠ ᠶᠢ ᠰᠤᠨᠤᠰᠬᠤ ᠶᠢᠨ ᠬᠠᠮᠳᠤ᠂ ᠲᠠᠭᠡᠷᠡᠭᠢ ᠬᠤᠶᠠᠷ ᠲᠦᠷᠤᠯ ᠵᠤᠢᠯ ᠳᠤ ᠬᠠᠨᠤᠮᠵᠢ ᠶᠢᠨ ᠭᠡᠮᠵᠢᠶᠠᠨ ᠤ ᠦᠨᠡᠯᠡᠯᠳᠠ ᠬᠢᠪᠡ᠃ ᠬᠤᠷᠠᠯ ᠳᠤ ᠤᠷᠤᠯᠴᠠᠭᠰᠠᠳ ᠡᠯ᠎ᠠ ᠮᠡᠳᠡᠬᠦᠯᠤᠯᠳᠠ ᠶᠢᠨ ᠲᠤᠭᠤᠷᠢᠨ ᠳᠤ ᠶᠠᠷᠢᠯᠴᠠᠭ᠎ᠠ ᠦᠷᠨᠢᠬᠦᠯᠵᠤ᠂ ᠴᠢᠭᠯᠡᠯᠳᠤ ᠴᠢᠨᠠᠷ ᠲᠠᠢ ᠰᠠᠨᠠᠯ ᠰᠠᠨᠠᠭᠤᠯᠭ᠎ᠠ ᠲᠤᠷᠠᠳᠪᠠ᠃

        
            ᠡᠤ ᠴᠢᠩ ᠬᠠᠢ ᠱᠦᠵᠢ ᠡᠴᠨ ᠴᠢᠩᠭᠠᠳᠬᠠᠭᠰᠨᠨ ᠨᠢ᠂ ᠪᠠᠢᠩᠭᠤ ᠶᠢᠨ ᠬᠤᠷᠢᠶᠠᠨ ᠤ ᠪᠦᠷᠢᠯᠳᠤᠬᠦᠨ ᠭᠡᠰᠢᠬᠦᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠡᠷᠭᠡᠪᠰᠢ ᠵᠤᠷᠢᠭᠳᠠᠢ ᠬᠢᠨᠠᠵᠤ᠂ ᠬᠠᠤᠯᠢ ᠶᠤᠰᠤᠭᠠᠷ ᠡᠷᠭᠡ ᠪᠠᠨ ᠭᠡᠷᠡᠭᠵᠢᠬᠦᠯᠬᠦ ᠭᠡᠷᠡᠭᠳᠡᠢ᠃ ᠠᠵᠢᠯ ᠤᠨ ᠤᠪᠤᠷ ᠰᠤᠷᠳᠠᠯ ᠶᠢᠠᠨ ᠬᠤᠪᠢᠷᠠᠭᠤᠯᠤᠨ᠂ ᠪᠠᠢᠴᠠᠭᠠᠨ ᠰᠤᠳᠤᠯᠤᠯᠳᠠ ᠬᠢᠬᠦ ᠶᠢ ᠬᠦᠨᠳᠤᠳᠭᠡᠵᠤ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠠᠵᠢᠯ᠂ ᠵᠠᠰᠠᠭ ᠤᠨ ᠤᠷᠳᠤᠨ ᠤ ᠬᠦᠴᠢᠷ ᠠᠵᠢᠯ᠂ ᠲᠦᠯᠤᠭᠡᠯᠡᠭᠴᠢ ᠶᠢᠨ ᠲᠦᠪᠯᠡᠷᠡᠭᠰᠨᠨ ᠠᠰᠠᠭᠤᠳᠠᠯ᠂ ᠤᠯᠠᠨ ᠲᠦᠮᠨᠨ ᠤ ᠬᠠᠷᠢᠭᠤ ᠲᠤᠰᠬᠠᠭᠰᠨᠨ ᠬᠠᠯᠠᠮᠰᠢᠯ ᠠᠰᠠᠭᠤᠳᠠᠯ ᠤᠨ ᠲᠤᠭᠤᠷᠢᠨ ᠳᠤ᠂ ᠦᠨᠳᠤᠰᠤᠨ ᠱᠠᠳᠤᠨ ᠳᠤ ᠬᠦᠨᠵᠡᠭᠡᠢᠷᠡᠨ᠂ ᠡᠮᠤᠨ᠎ᠡ ᠹᠷᠤᠨᠲ ᠲᠤ ᠬᠦᠨᠵᠡᠭᠡᠢᠷᠡᠵᠤ᠂ ᠪᠤᠳᠠᠳᠠᠢ ᠳᠤ ᠬᠦᠨᠵᠡᠭᠡᠢᠷᠡᠨ᠂ ᠤᠯᠨᠨ ᠲᠦᠮᠨᠨ ᠤ ᠲᠤᠮᠳᠠ ᠬᠦᠨᠵᠡᠭᠡᠢᠷᠡᠵᠤ᠂ ᠲᠦᠯᠤᠪᠯᠡᠭᠡ ᠲᠠᠢ᠂ ᠬᠠᠷᠠᠯᠳᠠ ᠲᠠᠢ᠂ ᠭᠤᠤᠯᠳᠠᠯᠭ᠎ᠠ ᠲᠠᠢ᠂ ᠴᠢᠭᠯᠡᠯᠳᠤ ᠴᠢᠨᠠᠷ ᠲᠠᠢ ᠪᠡᠷ ᠪᠠᠢᠴᠠᠭᠠᠨ ᠰᠤᠳᠤᠯᠤᠯᠳᠠ ᠦᠷᠨᠢᠬᠦᠯᠵᠤ᠂ ᠪᠠᠢᠩᠭᠤ ᠶᠢᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠬᠢᠷᠢ ᠲᠦᠪᠰᠢᠨ᠂ ᠰᠢᠢᠳᠪᠤᠷᠢᠳᠤ ᠪᠤᠳᠤᠯᠭ᠎ᠠ ᠶᠢᠨ ᠴᠢᠳᠠᠪᠤᠷᠢ᠂ ᠰᠢᠢᠳᠪᠤᠷᠢᠳᠤ ᠪᠤᠳᠤᠯᠭ᠎ᠠ ᠶᠢᠨ ᠴᠢᠨᠠᠷ ᠴᠢᠨᠰᠠᠭ᠎ᠠ ᠶᠢ ᠲᠠᠭᠡᠭᠰᠢᠯᠡᠬᠦᠯᠬᠦ ᠭᠡᠷᠡᠭᠳᠡᠢ ᠭᠡᠵᠡᠢ᠃(ᠳ᠋ᠠᠢ ᠰᠢᠶᠦ᠋ᠩ)

ᠡᠮᠦᠨᠡᠬᠢ᠄ ᠬᠤᠰᠢᠭᠤᠨ ᠊ᠤ ᠠᠷᠠᠳ ᠊ᠤᠨ ᠲᠦᠯᠦᠭᠡᠯᠡᠭᠴᠢᠳ ᠊ᠤᠨ ᠶᠡᠭᠡ ᠬᠤᠷᠠᠯ ᠊ᠤᠨ ᠪᠠᠢᠩᠭᠤ ᠵᠢᠨ ᠬᠤᠷᠢᠶ᠎ᠠ ᠪᠦᠬᠦ ᠬᠤᠰᠢᠭᠤᠨ ᠤ ᠲᠠᠪᠤᠨ ᠱᠠᠳᠤᠨ ᠤ ᠠᠷᠠᠳ ᠤᠨ ᠲᠦᠯᠤᠭᠡᠯᠡᠭᠴᠢ ᠶᠢᠨ ᠤᠯᠤᠰ ᠲᠦᠷᠥ ᠶᠢᠨ ᠤᠨᠤᠯ ᠤᠨ ᠲᠤᠰᠬᠠᠢ ᠰᠡᠳᠤᠪᠳᠤ ᠪᠤᠯᠪᠠᠰᠤᠷᠠᠯ ᠤᠨ ᠠᠩᠬᠢ ᠡᠷᠬᠢᠯᠡᠪᠡ
ᠳᠠᠷᠠᠭᠠᠬᠢ᠄ ᠬᠤᠰᠢ᠍ᠭᠤᠨ ᠦ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠬᠤᠷᠢ᠍ᠨ ᠲᠦ᠋ᠷᠪᠡᠳ᠋ᠦᠭᠡᠷ ᠬᠤᠷᠠᠯ ᠬᠤᠷᠠᠯᠳ᠋ᠤᠭᠤᠯᠪᠠ