ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠨ ᠵᠢᠯᠤᠭᠤᠳᠪᠠ

   

        

        1 ᠰᠠᠷ᠎ᠠ ᠶᠢᠨ 5᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠦᠷᠡᠪᠠᠳᠤ ᠤᠷᠢᠳ ᠬᠤᠵᠢᠳ ᠠᠷᠤ ᠬᠦᠨᠳᠡᠯᠡᠨ ᠪᠠᠯᠭᠠᠰᠤ᠂ ᠭᠡᠷᠴᠢᠯᠠᠭᠤ ᠰᠤᠮᠤ ᠳᠤ ᠬᠦᠷᠴᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠨ ᠵᠢᠯᠤᠭᠤᠳᠪᠠ᠃

        
              ᠡᠤ ᠴᠢᠩ ᠬᠠᠢ ᠨᠠᠷ ᠰᠠᠭᠤᠳᠠᠯ ᠤᠨ ᠬᠤᠷᠠᠯ ᠬᠤᠷᠠᠯᠳᠤᠭᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠬᠦᠯᠤᠯᠳᠠ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠳᠤ᠂ ᠰᠤᠮᠤ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠳᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢ ᠵᠢᠴᠢ ᠭᠡᠰᠡᠭ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢ ᠲᠠᠢ ᠲᠤᠳᠤᠨᠤ ᠪᠡᠷ ᠶᠠᠷᠢᠯᠴᠠᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠦᠷᠭᠡᠨ ᠶᠢᠠᠷ ᠬᠤᠷᠢᠶᠠᠨ᠂ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠯ᠎ᠠ ᠲᠦᠷᠤᠯ ᠤᠨ ᠲᠤᠬᠠᠢᠯᠠᠭᠰᠨᠨ ᠠᠵᠢᠯ ᠤᠨ ᠪᠤᠯᠪᠠᠰᠤᠷᠠᠯ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠵᠢᠴᠢ ᠤᠯᠨᠨ ᠲᠦᠮᠨᠨ ᠲᠠᠢ ᠬᠠᠷᠢᠯᠴᠠᠬᠤ᠂ ᠤᠯᠨᠨ ᠲᠦᠮᠨᠨ ᠤ ᠰᠠᠨᠠᠯ ᠰᠠᠨᠠᠭᠤᠯᠭ᠎ᠠ ᠶᠢ ᠰᠢᠢᠳᠪᠤᠷᠢᠯᠡᠬᠦ ᠪᠠ ᠠᠷᠠᠳ ᠤᠨ ᠲᠦᠯᠤᠭᠡᠯᠡᠭᠴᠢ ᠶᠢᠨ ᠬᠦᠳᠤᠯᠤᠨ ᠲᠠᠭᠠᠭᠤᠯᠬᠤ ᠤᠢᠯᠡᠳᠤᠯ ᠢ ᠪᠠᠳᠠᠷᠠᠭᠤᠯᠵᠤ᠂ ᠨᠡᠢᠭᠡᠮ  ᠤᠨ ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠳᠭᠡᠨ᠂ ᠲᠤᠬᠠᠢ ᠶᠢᠨ ᠭᠠᠵᠠᠷ ᠤᠷᠤᠨ ᠤ ᠠᠵᠤ ᠠᠬᠤᠢ ᠨᠡᠢᠭᠡᠮ ᠤᠨ ᠬᠦᠭᠵᠢᠯᠳᠠ ᠶᠢ ᠲᠠᠢᠴᠢᠯᠠᠭᠰᠨᠨ ᠵᠡᠷᠭᠡ ᠪᠠᠢᠳᠠᠯ ᠢ ᠨᠠᠷᠢᠨ ᠤᠢᠯᠠᠭᠠᠪᠠ᠃

        


        
             ᠡᠤ ᠴᠢᠩ ᠬᠠᠢ ᠴᠢᠩᠭᠠᠳᠬᠠᠭᠰᠨᠨ ᠨᠢ᠂ ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠨᠢ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠤᠢᠯᠡᠴᠢᠯᠠᠵᠤ᠂ ᠢᠮᠠᠭᠳᠠ ᠨᠠᠮ ᠤᠨ ᠬᠤᠷᠢᠶ᠎ᠠ ᠲᠠᠢ ᠦᠵᠡᠯ ᠰᠠᠨᠠᠭ᠎ᠠ ᠨᠢᠭᠡᠳᠠᠢ᠂ ᠤᠯᠤᠰ ᠲᠦᠷᠤ ᠶᠢᠨ ᠴᠢᠭᠯᠡᠯ ᠨᠢᠭᠡᠳᠠᠢ᠂ ᠠᠵᠢᠯᠯᠠᠭ᠎ᠠ ᠨᠢᠭᠡᠳᠠᠢ ᠪᠠᠢᠬᠤ ᠶᠢᠨ ᠬᠠᠮᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠲᠠᠢ ᠤᠶᠠᠯᠳᠤᠭᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ ᠪᠦᠯᠬᠦᠮ ᠤᠨ ᠤᠢᠯᠡᠳᠤᠯ ᠶᠢᠠᠨ ᠬᠦᠢᠴᠡᠳ ᠪᠠᠳᠠᠷᠠᠭᠤᠯᠵᠤ᠂ ᠡᠯ᠎ᠠ ᠲᠦᠷᠤᠯ ᠤᠨ ᠠᠵᠢᠯ ᠤᠨ ᠮᠡᠳᠡᠬᠦᠯᠤᠯᠳᠠ ᠶᠢ ᠰᠤᠨᠤᠰᠤᠨ ᠬᠢᠨᠠᠨ ᠵᠦᠪᠯᠡᠬᠦ᠂ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ᠂ ᠲᠤᠭᠤᠷᠢᠨ ᠪᠠᠢᠴᠠᠭᠠᠨ ᠰᠤᠳᠤᠯᠬᠤ ᠵᠡᠷᠭᠡ ᠬᠢᠨᠠᠯᠳᠠ ᠲᠠᠯᠪᠢᠬᠤ ᠭᠡᠯᠪᠡᠷᠢ ᠪᠡᠷ ᠲᠠᠮᠵᠢᠨ᠂ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠯ᠎ᠠ ᠲᠦᠷᠤᠯ ᠤᠨ ᠠᠵᠢᠯ ᠢ ᠢᠳᠡᠪᠬᠢᠳᠠᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃

        
            ᠡᠤ ᠴᠢᠩ ᠬᠠᠢ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠤᠨ ᠲᠤ᠂ ᠵᠢᠯ ᠤᠨ ᠰᠡᠬᠦᠯᠴᠢ ᠪᠡᠷ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠬᠦᠯᠵᠢᠯᠠᠨ ᠰᠠᠢᠳᠤᠷ ᠬᠢᠵᠤ᠂ ᠶᠠᠳᠠᠭᠤ ᠬᠦᠴᠢᠷᠳᠠᠢ ᠡᠷᠤᠭᠡ ᠪᠠ ᠦᠨᠤᠴᠢᠨ ᠪᠠᠯᠪᠠᠰᠤᠨ ᠨᠠᠰᠤᠳᠠᠢᠴᠤᠤᠨ᠂ ᠭᠡᠷ ᠲᠠᠭᠡᠨ ᠬᠤᠴᠤᠷᠤᠭᠰᠨᠨ ᠭᠡᠤᠭᠡᠤᠨ ᠵᠡᠷᠭᠡ ᠪᠠᠭᠤᠷᠠᠢᠴᠤᠤᠯ ᠢ ᠢᠯᠡᠬᠦᠭᠡᠨ ᠠᠩᠬᠠᠷᠤᠨ ᠬᠠᠯᠠᠮᠵᠢᠯᠠᠵᠤ᠂ ᠲᠤᠬᠤᠨᠢᠭᠤᠯᠬᠤ ᠪᠡᠷ ᠲᠠᠮᠵᠢᠨ ᠤᠢᠯᠡᠳᠪᠤᠷᠢᠯᠡᠯ ᠠᠮᠢᠳᠤᠷᠠᠯ ᠤᠨ ᠪᠠᠢᠳᠠᠯ ᠢ ᠬᠦᠨᠵᠡᠭᠡᠢ ᠤᠢᠯᠠᠭᠠᠵᠤ᠂ ᠲᠠᠳᠠᠨ ᠤ ᠬᠦᠰᠡᠯ ᠰᠠᠨᠠᠯ ᠢ ᠢᠯᠡᠬᠦᠭᠡᠨ ᠰᠤᠨᠤᠰᠤᠨ᠂ ᠠᠮᠢᠳᠤᠷᠠᠯ ᠲᠤᠮᠳᠠ ᠨᠢ ᠲᠤᠯᠭᠠᠷᠠᠭᠰᠨᠨ ᠬᠦᠴᠢᠷᠳᠠᠯ ᠠᠰᠠᠭᠤᠳᠠᠯ ᠢ ᠴᠢᠳᠠᠯ ᠤᠨ ᠬᠢᠷᠢ ᠪᠡᠷ ᠶᠢᠠᠨ ᠬᠠᠪᠰᠤᠷᠤᠨ ᠰᠢᠢᠳᠪᠤᠷᠢᠯᠡᠵᠤ ᠦᠭᠬᠦ ᠭᠡᠷᠡᠭᠳᠡᠢ ᠭᠡᠵᠤ ᠵᠠᠬᠢᠪᠠ᠃

        
             ᠰᠠᠭᠤᠳᠠᠯ ᠤᠨ ᠬᠤᠷᠠᠯ ᠲᠡᠭᠡᠷ᠎ᠠ᠂ ᠡᠤ ᠴᠢᠩ ᠬᠠᠢ ᠡᠴᠨ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠤᠨ ᠲᠤᠭᠤᠷᠢᠨ ᠳᠤ᠂ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠠ ᠵᠢᠴᠢ ᠮᠠᠯᠴᠢᠤᠨ ᠤᠨ ᠤᠷᠤᠯᠭ᠎ᠠ ᠶᠢ ᠨᠡᠮᠡᠭᠳᠡᠬᠦᠯᠬᠦ ᠪᠠ ᠦᠷ᠎ᠠ ᠠᠰᠢᠭ ᠢ ᠨᠡᠮᠡᠭᠳᠡᠬᠦᠯᠬᠦ ᠵᠡᠷᠭᠡ ᠲᠠᠯ᠎ᠠ ᠪᠡᠷ ᠪᠤᠳᠠᠳᠠᠢ ᠰᠠᠨᠠᠯ ᠱᠠᠭᠠᠷᠳᠠᠯᠭ᠎ᠠ ᠲᠤᠷᠠᠳᠴᠠᠢ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ ᠭᠠᠵᠠᠷ ᠤᠷᠤᠨ ᠤ ᠪᠠᠨ ᠦᠨᠳᠤᠰᠤᠳᠠᠨ ᠤ ᠠᠵᠢᠯ ᠢ ᠴᠢᠩᠭᠠᠳᠬᠠᠨ ᠰᠠᠢᠵᠢᠷᠠᠭᠤᠯᠬᠤ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠵᠤ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠨ ᠵᠢᠯᠤᠭᠤᠳᠪᠠ