ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠨ ᠵᠢᠯᠤᠭᠤᠳᠪᠠ

   

     

        1 ᠰᠠᠷ᠎ᠠ ᠶᠢᠨ6᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠰᠦᠩ ᠯᠢᠶᠠᠨ ᠡᠾᠦ᠋ᠢ ᠤᠷᠢᠳ ᠬᠤᠵᠢᠳ ᠵᠢᠷᠤᠭᠡ ᠪᠠᠯᠭᠠᠰᠤ᠂ ᠰᠢᠶᠠᠩᠱᠠᠨ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠨ ᠵᠢᠯᠤᠭᠤᠳᠪᠠ᠃

        
            ᠡᠤ ᠴᠢᠩ ᠬᠠᠢ ᠨᠠᠷ ᠰᠠᠭᠤᠳᠠᠯ ᠤᠨ ᠬᠤᠷᠠᠯ ᠬᠤᠷᠠᠯᠳᠤᠭᠤᠯᠬᠤ᠂ ᠠᠵᠢᠯ ᠤᠨ ᠮᠡᠳᠡᠬᠦᠯᠤᠯᠳᠠ ᠰᠤᠨᠤᠰᠬᠤ᠂ ᠪᠤᠳᠠᠳᠠᠢ ᠭᠠᠵᠠᠷ ᠶᠢᠠᠷ ᠠᠰᠠᠭᠤᠨ ᠯᠠᠪᠯᠠᠵᠤ ᠪᠠᠢᠴᠠᠭᠠᠨ ᠦᠵᠡᠬᠦ ᠭᠡᠯᠪᠡᠷᠢ ᠪᠡᠷ ᠲᠤᠰ ᠬᠤᠶᠠᠷ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠳᠠ ᠲᠠᠯᠪᠢᠬᠤ ᠠᠵᠢᠯ᠂ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ᠂《 ᠲᠦᠯᠤᠭᠡᠯᠡᠭᠴᠢ ᠶᠢᠨ ᠭᠡᠷ ᠪᠦᠯᠢ》᠋ ᠶᠢᠨ ᠠᠵᠢᠯᠯᠠᠭ᠎ᠠ ᠵᠡᠷᠭᠡ ᠪᠠᠢᠳᠠᠯ ᠢ ᠨᠠᠷᠢᠨ ᠤᠢᠯᠠᠭᠠᠪᠠ᠃ 

        
             ᠵᠢᠷᠤᠭᠡ ᠪᠠᠯᠭᠠᠰᠤᠨ ᠤ ᠪᠠᠢ ᠱᠦᠨ ᠲᠠᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠳᠤ᠂ ᠡᠤ ᠴᠢᠩ ᠬᠠᠢ ᠨᠠᠷ ᠬᠤᠳᠠ ᠶᠢᠨ ᠠᠷᠠᠳ ᠤᠨ ᠲᠦᠯᠤᠭᠡᠯᠡᠭᠴᠢ ᠱᠤᠤ ᠰᠢᠶᠤ ᠶᠠᠨ ᠲᠠᠢ ᠲᠤᠳᠤᠨᠤ ᠪᠡᠷ ᠶᠠᠷᠢᠯᠴᠠᠵᠤ᠂ ᠦᠭᠡᠷ ᠤᠨ ᠠᠵᠤ ᠤᠢᠯᠡᠰ ᠤᠨ ᠤᠢᠯᠡᠳᠪᠤᠷᠢᠯᠡᠯ ᠤᠨ ᠡᠵᠡᠩᠨᠡᠯᠳᠠ᠂ ᠲᠠᠵᠢᠭᠡᠨ ᠦᠷᠡᠵᠢᠬᠦᠯᠬᠦ ᠲᠠᠯᠠᠪᠠᠢ ᠶᠢᠨ ᠪᠠᠷᠢᠮᠵᠢᠶᠠᠵᠢᠭᠤᠯᠤᠭᠰᠨᠨ ᠪᠦᠳᠤᠭᠡᠨ ᠪᠠᠢᠭᠤᠯᠤᠯᠳᠠ᠂ ᠡᠬᠦᠯᠳᠠᠷ ᠤᠨ ᠰᠠᠢᠵᠢᠷᠠᠭᠤᠯᠤᠯᠳᠠ ᠵᠡᠷᠭᠡ ᠲᠠᠯ᠎ᠠ ᠶᠢᠨ ᠪᠠᠢᠳᠠᠯ ᠢ ᠠᠰᠠᠭᠤᠨ ᠯᠠᠪᠯᠠᠬᠤ ᠶᠢᠨ ᠬᠠᠮᠳᠤ ᠠᠷᠠᠳ ᠤᠨ ᠲᠦᠯᠤᠭᠡᠯᠡᠭᠴᠢ ᠶᠢᠨ ᠤᠢᠯᠡᠳᠤᠯ ᠶᠢᠠᠨ ᠬᠦᠢᠴᠡᠳ ᠪᠠᠳᠠᠷᠠᠭᠤᠯᠬᠤ᠂ ᠮᠠᠯᠴᠢᠨ ᠲᠠᠷᠢᠶᠠᠴᠢᠨ ᠢ ᠬᠦᠳᠤᠯᠤᠨ ᠲᠠᠭᠠᠭᠤᠯᠵᠤ ᠤᠷᠤᠯᠭ᠎ᠠ ᠶᠢ ᠨᠢ ᠨᠡᠮᠡᠭᠳᠡᠬᠦᠯᠬᠦ ᠵᠡᠷᠭᠡ ᠲᠠᠯ᠎ᠠ ᠳᠤ ᠵᠢᠯᠤᠭᠤᠳᠬᠤ ᠴᠢᠨᠠᠷᠳᠠᠢ ᠰᠠᠨᠠᠯ ᠲᠤᠷᠠᠳᠪᠠ᠃

        


        
            ᠰᠢᠶᠠᠩᠱᠠᠨ ᠪᠠᠯᠭᠠᠰᠤᠨ ᠤ ᠰᠢᠶᠠᠩᠱᠠᠨ ᠲᠤᠰᠬᠤᠨ᠂ ᠪᠠᠶᠠᠨᠪᠤᠯᠠᠭ ᠭᠠᠴᠠᠭ᠎ᠠ ᠪᠠ ᠰᠢᠶᠠᠩᠱᠠᠨ ᠤ ᠨᠠᠮ ᠤᠯᠠᠨ ᠲᠦᠮᠨᠨ ᠤ ᠤᠢᠯᠡᠴᠢᠯᠡᠭᠡᠨ ᠤ ᠲᠦᠪ ᠤᠨ ᠪᠤᠳᠠᠳᠠᠢ ᠭᠠᠵᠠᠷ ᠲᠤ ᠪᠠᠢᠴᠠᠭᠠᠨ ᠰᠤᠳᠤᠯᠤᠯᠳᠠ ᠬᠢᠬᠦ ᠳᠡᠭᠡᠨ᠂ ᠡᠤ ᠴᠢᠩ ᠬᠠᠢ ᠠᠵᠢᠯ ᠤᠨ ᠲᠤᠷᠰᠢᠯᠭ᠎ᠠ ᠶᠢᠨ ᠲᠠᠨᠢᠯᠴᠠᠭᠤᠯᠭ᠎ᠠ᠂ ᠪᠠᠯᠭᠠᠰᠤ ᠲᠤᠰᠬᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠳ ᠲᠠᠢ ᠲᠤᠳᠤᠨᠤ ᠶᠠᠷᠢᠯᠴᠠᠵᠤ᠂ ᠠᠷᠠᠳ ᠤᠨ ᠲᠦᠯᠤᠭᠡᠯᠡᠭᠴᠢ ᠶᠢᠨ ᠰᠤᠷᠪᠤᠯᠵᠢᠯᠠᠭ᠎ᠠ ᠶᠢ ᠬᠦᠯᠢᠶᠠᠨ ᠠᠪᠬᠤ᠂ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠠ ᠵᠢᠴᠢ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ᠂《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠦᠷᠨᠢᠬᠦᠯᠦᠭᠰᠨᠨ ᠪᠠᠢᠳᠠᠯ ᠢ ᠨᠠᠷᠢᠨ ᠤᠢᠯᠠᠭᠠᠪᠠ᠃

        


        
            ᠡᠤ ᠴᠢᠩ ᠬᠠᠢ ᠨᠠᠷ ᠵᠢᠷᠤᠭᠡ ᠪᠠᠯᠭᠠᠰᠤ᠂ ᠰᠢᠶᠠᠩᠱᠠᠨ ᠪᠠᠯᠭᠠᠰᠤᠨ ᠤ ᠡᠯ᠎ᠠ ᠲᠦᠷᠤᠯ ᠤᠨ ᠠᠵᠢᠯ ᠤᠨ ᠤᠯᠤᠭᠰᠨᠨ ᠠᠮᠵᠢᠯᠳᠠ ᠶᠢ ᠬᠦᠢᠴᠡᠳ ᠨᠤᠳᠠᠯᠠᠪᠠ᠃ ᠲᠠᠷᠨ ᠴᠢᠩᠭᠠᠳᠬᠠᠭᠰᠨᠨ ᠨᠢ᠂ ᠤᠯᠤᠰ ᠲᠦᠷᠤ ᠶᠢ ᠡᠷᠬᠢᠮᠯᠡᠬᠦ ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠲᠠᠢ ᠤᠷᠭᠠᠨᠢᠭ ᠶᠢᠠᠷ ᠤᠶᠠᠯᠳᠤᠭᠤᠯᠵᠤ᠂ ᠡᠯ᠎ᠠ ᠱᠠᠳᠤᠨ ᠤ ᠠᠷᠠᠳ ᠤᠨ ᠲᠦᠯᠤᠭᠡᠯᠡᠭᠴᠢ ᠶᠢᠨ ᠤᠯᠤᠰ ᠲᠦᠷᠤ ᠶᠢᠨ ᠤᠨᠤᠯ ᠤᠨ ᠪᠤᠯᠪᠠᠰᠤᠷᠠᠯ ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠬᠠᠢᠯᠠᠭᠰᠨᠨ ᠠᠵᠢᠯ ᠤᠨ ᠪᠤᠯᠪᠠᠰᠤᠷᠠᠯ ᠢ ᠴᠢᠩᠭᠠᠳᠬᠠᠬᠤ ᠭᠡᠷᠡᠭᠳᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠠᠭᠡᠷ᠎ᠠ ᠱᠠᠳᠤᠨ ᠤ ᠴᠢᠬᠤᠯᠨ ᠰᠢᠢᠳᠪᠤᠷᠢᠳᠤ ᠪᠤᠳᠤᠯᠭ᠎ᠠ ᠶᠢᠨ ᠪᠠᠢᠷᠢᠯᠠᠭᠤᠯᠤᠯᠳᠠ ᠪᠠ ᠨᠠᠮ ᠤᠨ ᠬᠤᠷᠢᠶ᠎ᠠ ᠵᠠᠰᠠᠭ ᠤᠨ ᠤᠷᠳᠤᠨ ᠤ ᠭᠤᠤᠯ ᠠᠵᠢᠯ ᠲᠠᠢ ᠤᠷᠭᠠᠨᠢᠭ ᠶᠢᠠᠷ ᠤᠶᠠᠯᠳᠤᠭᠤᠯᠵᠤ᠂ ᠠᠷᠠᠳ ᠤᠨ ᠲᠦᠯᠤᠭᠡᠯᠡᠭᠴᠢ ᠶᠢᠨ ᠬᠤᠰᠢᠭᠤᠴᠢ ᠵᠢᠱᠢᠶᠡᠴᠢ ᠤᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠬᠤ ᠭᠡᠷᠡᠭᠳᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠦᠨᠳᠤᠰᠤᠨ ᠱᠠᠳᠤᠨ ᠤ ᠨᠠᠮ ᠤᠨ ᠪᠠᠢᠭᠤᠯᠤᠯᠳᠠ ᠶᠢᠨ ᠠᠵᠢᠯ ᠲᠠᠢ ᠤᠷᠭᠠᠨᠢᠭ ᠶᠢᠠᠷ ᠤᠶᠠᠯᠳᠤᠭᠤᠯᠵᠤ᠂ ᠪᠤᠳᠠᠳᠠᠢ ᠠᠵᠢᠯ ᠤᠨ ᠲᠤᠮᠳᠠ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠪᠤᠯᠤᠨ ᠨᠠᠮ ᠤᠨ ᠰᠤᠷᠳᠠᠯ ᠪᠠ ᠠᠷᠢᠭᠤᠨ ᠴᠢᠬᠢᠴᠢ ᠪᠡᠷ ᠵᠠᠰᠠᠭ ᠪᠠᠷᠢᠬᠤ ᠶᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠲᠠᠢ ᠨᠢᠭᠳᠠ ᠤᠶᠠᠯᠳᠤᠭᠤᠯᠤᠨ ᠤᠷᠭᠠᠨᠢᠭ ᠶᠢᠠᠷ ᠨᠢᠭᠡᠳᠭᠡᠵᠤ᠂ ᠬᠠᠷᠢᠯᠴᠠᠨ ᠨᠦᠬᠦᠴᠡᠯᠳᠤᠬᠦᠯᠤᠨ᠂ ᠵᠡᠷᠭᠡᠪᠡᠷ ᠠᠬᠢᠭᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠯ᠎ᠠ ᠲᠦᠷᠤᠯ ᠤᠨ ᠠᠵᠢᠯ ᠢ ᠴᠠᠭ ᠦᠶ᠎ᠠ ᠲᠠᠢ ᠵᠡᠷᠭᠡᠪᠡᠷ ᠤᠷᠤᠭᠰᠢᠯᠠᠭᠤᠯᠵᠤ᠂ ᠨᠠᠷᠢᠯᠢᠭ ᠤᠨᠤᠪᠴᠢᠳᠠᠢ᠂ ᠲᠠᠭᠡᠳᠤ ᠭᠡᠮᠵᠢᠶ᠎ᠠ ᠪᠡᠷ ᠪᠠᠳᠤᠯᠠᠬᠤ ᠭᠡᠷᠡᠭᠳᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠡᠢᠭᠡᠮ ᠤᠨ ᠲᠤᠭᠳᠠᠭᠤᠨ ᠬᠦᠭᠵᠢᠯᠳᠠ ᠶᠢᠨ ᠠᠵᠢᠯ ᠲᠠᠢ ᠤᠷᠭᠠᠨᠢᠭ ᠶᠢᠠᠷ ᠤᠶᠠᠯᠳᠤᠭᠤᠯᠵᠤ᠂ ᠡᠶ᠎ᠠ ᠵᠤᠬᠢᠴᠠᠯ ᠲᠠᠢ ᠨᠡᠢᠭᠡᠮ ᠤᠨ ᠪᠦᠳᠤᠭᠡᠨ ᠪᠠᠢᠭᠤᠯᠤᠯᠳᠠ ᠳᠤ ᠢᠳᠡᠪᠬᠢᠳᠠᠢ ᠪᠡᠷ ᠲᠦᠷᠤᠬᠦᠯᠡᠨ ᠤᠷᠤᠯᠴᠠᠵᠤ᠂ ᠤᠯᠨᠨ ᠲᠦᠮᠨᠨ ᠲᠠᠢ ᠬᠠᠷᠢᠯᠴᠠᠬᠤ᠂ ᠤᠯᠨᠨ ᠲᠦᠮᠨᠨ ᠳᠤ ᠤᠢᠯᠡᠴᠢᠯᠡᠬᠦ᠂ ᠠᠰᠢᠭ ᠲᠤᠰᠨ ᠶᠢ ᠵᠤᠬᠢᠴᠠᠭᠤᠯᠬᠤ᠂ ᠵᠤᠷᠢᠴᠡᠯ ᠢ ᠠᠷᠢᠯᠭᠠᠬᠤ ᠡᠬᠦᠷᠭᠡ ᠶᠢ ᠦᠨᠡᠨᠬᠦ ᠡᠬᠦᠷᠭᠡᠯᠡᠨ᠂ ᠤᠯᠨᠨ ᠲᠦᠮᠨᠨ ᠢ ᠨᠢᠭᠳᠠᠷᠠᠭᠤᠯᠤᠨ ᠪᠦᠯᠬᠦᠮᠳᠡᠬᠦᠯᠵᠤ᠂ ᠡᠶ᠎ᠠ ᠵᠤᠬᠢᠴᠠᠯ ᠲᠠᠢ ᠨᠡᠢᠭᠡᠮ ᠤᠨ ᠲᠦᠷᠢ ᠪᠠᠢᠳᠠᠯ ᠢ ᠬᠠᠮᠠᠭᠠᠯᠠᠬᠤ ᠭᠡᠷᠡᠭᠳᠡᠢ ᠭᠡᠵᠡᠢ᠃

                                                                                             (ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠦᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ 2020 ᠤᠨ ᠤ ᠭᠤᠤᠯᠳᠠᠯᠭ᠎᠎ᠠ ᠲᠠᠢ ᠠᠵᠢᠯ ᠢ ᠪᠠᠢᠴᠠᠭᠠᠨ ᠦᠵᠡᠪᠡ