ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠦᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ 2020 ᠤᠨ ᠤ ᠭᠤᠤᠯᠳᠠᠯᠭ᠎ᠠ ᠲᠠᠢ ᠠᠵᠢᠯ ᠢ ᠪᠠᠢᠴᠠᠭᠠᠨ ᠦᠵᠡᠪᠡ

1 ᠰᠠᠷ᠎ᠠ ᠶᠢᠨ 7᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠪᠦᠬᠦ ᠤᠯᠤᠰ᠂ ᠦᠪᠡᠷᠳᠡᠭᠡᠨ ᠵᠠᠰᠠᠬᠤ ᠤᠷᠤᠨ᠂ ᠬᠤᠳᠠ᠂ ᠬᠤᠰᠢᠭᠤᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ᠂ ᠮᠠᠨ ᠤ ᠬᠤᠰᠢᠭᠤᠨ ᠤ 2020 ᠤᠨ ᠤ ᠭᠤᠤᠯᠳᠠᠯᠭ᠎ᠠ ᠲᠠᠢ ᠠᠵᠢᠯ ᠤᠨ ᠪᠠᠢᠳᠠᠯ ᠢ ᠲᠦᠪᠯᠡᠷᠡᠬᠦᠯᠤᠨ ᠪᠠᠢᠴᠠᠭᠠᠨ ᠦᠵᠡᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠭᠡᠰᠢᠬᠦᠨ᠂ ᠲᠠᠳ᠋ ᠬᠤᠰᠢᠭᠤᠨ ᠲᠠᠷᠤᠭ᠎ᠠ ᠪᠠᠳᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ᠂ ᠦᠷᠡᠪᠠᠳᠤ ᠪᠠᠢᠴᠠᠭᠠᠨ ᠦᠵᠡᠬᠦ ᠠᠵᠢᠯᠯᠠᠭ᠎ᠠ ᠳᠤ ᠤᠷᠤᠯᠴᠠᠪᠠ᠃


ᠲᠦᠯᠤᠭᠡᠯᠡᠭᠴᠢᠳ ᠤᠷᠢᠳ ᠬᠤᠵᠢᠳ ᠠᠮᠤᠭᠤᠯᠠᠩ ᠰᠠᠭᠤᠴᠨ ᠶᠢ ᠲᠤᠯᠠᠭᠠᠴᠠᠭᠤᠯᠬᠤ ᠢᠨᠵᠸᠨ᠋ᠸᠷᠢᠩ᠂ ᠦᠯᠵᠡᠢᠮᠦ᠋ᠷᠡᠨ ᠵᠠᠮ ᠬᠢᠭᠡᠳ 208 ᠮᠤᠵᠢ ᠶᠢᠨ ᠲᠠᠰ ᠤᠨ ᠵᠠᠮ ᠱᠤᠭᠤᠮ ᠲᠠᠢ ᠵᠠᠯᠭᠠᠨ ᠨᠡᠪᠳᠡᠷᠡᠬᠦᠯᠬᠦ ᠵᠠᠮ ᠤᠨ ᠲᠦᠷᠤᠯ ᠵᠤᠢᠯ᠂ ᠮᠤ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠶᠢᠨ ᠵᠢᠯ ᠳᠤ 30 ᠲᠦᠮᠨᠨ ᠲᠤᠨ ᠪᠤᠷᠳᠤᠭ᠎ᠠ ᠶᠢᠨ ᠤᠢᠯᠡᠳᠪᠤᠷᠢ ᠶᠢᠨ ᠲᠦᠷᠤᠯ ᠵᠤᠢᠯ᠂ ᠰᠢᠶᠤᠤ ᠡᠾᠸᠢ ᠱᠠᠨ ᠰᠠᠭᠠᠯᠢ ᠶᠢᠨ ᠦᠨᠢᠶᠡᠨ ᠤ ᠲᠤᠰᠬᠠᠢ ᠬᠤᠷᠰᠢᠶᠠᠵᠢᠯ᠂ ᠱᠸᠨ ᠨᠡᠩ ᠵᠠᠷᠤᠤᠨ ᠬᠤᠰᠢᠭᠤᠨ ᠤ ᠪᠤᠤ ᠠᠨ ᠰᠠᠯᠬᠢᠨ ᠬᠦᠴᠤᠨ ᠤ ᠴᠠᠬᠢᠯᠠᠭᠠᠨ ᠭᠠᠷᠭᠠᠬᠤ ᠲᠠᠯᠠᠪᠠᠢ ᠶᠢᠨ 30 ᠲᠦᠮᠨᠨ ᠺᠢᠯᠤᠸᠠᠲ ᠤᠨ ᠰᠠᠯᠬᠢᠨ ᠬᠦᠴᠤᠨ ᠤ ᠴᠠᠬᠢᠯᠠᠭᠠᠨ ᠤ ᠲᠦᠷᠤᠯ ᠵᠤᠢᠯ᠂ ᠬᠤᠩᠭᠤᠷᠪᠠᠭᠠᠳᠤᠷ ᠤᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠶᠢ ᠪᠠᠢᠴᠠᠭᠠᠨ ᠦᠵᠡᠪᠡ᠃


ᠡᠤ ᠴᠢᠩ ᠬᠠᠢ ᠡᠴᠨ ᠠᠷᠠᠳ ᠤᠨ ᠲᠦᠯᠤᠭᠡᠯᠡᠭᠴᠢᠳ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠡᠬᠦᠷᠭᠡ ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠳᠭᠡᠵᠤ᠂ ᠬᠦᠭᠦᠷᠭᠡ ᠬᠤᠯᠪᠤᠭᠠᠰᠤ ᠶᠢᠨ ᠤᠢᠯᠡᠳᠤᠯ ᠶᠢᠠᠨ ᠬᠦᠢᠴᠡᠳ ᠪᠠᠳᠠᠷᠠᠭᠤᠯᠤᠨ᠂ ᠨᠢᠭᠡ ᠰᠡᠳᠬᠢᠯ ᠨᠢᠭᠡ ᠵᠤᠷᠢᠭ ᠶᠢᠠᠷ᠂ ᠤᠯᠠᠨ ᠤ ᠤᠬᠠᠭᠠᠨ ᠬᠠᠮᠳᠤ ᠶᠢᠨ ᠬᠦᠴᠤ ᠪᠡᠷ ᠮᠠᠨ ᠤ ᠬᠤᠰᠢᠭᠤᠨ ᠤ ᠴᠢᠬᠤᠯᠨ ᠶᠡᠭᠡ ᠲᠦᠷᠤᠯ ᠵᠤᠢᠯ᠂ ᠭᠤᠤᠯᠳᠠᠯᠭ᠎ᠠ ᠲᠠᠢ ᠢᠨᠵᠸᠨ᠋ᠸᠷᠢᠩ ᠤᠨ ᠪᠦᠳᠤᠭᠡᠨ ᠪᠠᠢᠭᠤᠯᠤᠯᠳᠠ ᠵᠢᠴᠢ ᠰᠤᠶᠤᠯ ᠵᠢᠭᠤᠯᠴᠢᠯᠠᠯ ᠤᠨ ᠠᠵᠤ ᠤᠢᠯᠡᠰ ᠤᠨ ᠬᠦᠭᠵᠢᠯᠳᠠ ᠶᠢ ᠠᠬᠢᠭᠤᠯᠬᠤ ᠳᠤ ᠨᠡᠩ ᠢᠳᠡᠪᠬᠢᠳᠠᠢ ᠠᠷᠭ᠎ᠠ ᠤᠬᠠᠭᠠᠨ ᠭᠠᠷᠭᠠᠬᠤ ᠭᠡᠷᠡᠭᠳᠡᠢ᠃ ᠬᠤᠰᠢᠭᠤᠨ ᠤ ᠵᠠᠰᠠᠭ ᠤᠨ ᠤᠷᠳᠤᠨ ᠬᠢᠭᠡᠳ ᠬᠠᠮᠢᠶ᠎ᠠ ᠪᠦᠬᠦᠢ ᠰᠠᠯᠠᠭ᠎ᠠ ᠮᠦᠴᠢᠷ ᠭᠤᠤᠯᠳᠠᠯᠭ᠎ᠠ ᠲᠠᠢ ᠢᠨᠵᠸᠨ᠋ᠸᠷᠢᠩ ᠵᠢᠴᠢ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠤᠨ ᠪᠦᠳᠤᠭᠡᠨ ᠪᠠᠢᠭᠤᠯᠤᠯᠳᠠ ᠶᠢᠨ ᠠᠵᠢᠯ ᠢ ᠴᠢᠬᠤᠯᠠᠴᠢᠯᠠᠵᠤ᠂ ᠪᠠᠢᠭᠤᠯᠵᠤ ᠪᠠᠢᠭ᠎ᠠ ᠪᠠᠷᠢᠯᠭ᠎ᠠ ᠶᠢᠨ ᠲᠦᠷᠤᠯ ᠵᠤᠢᠯ ᠳᠤ ᠤᠯᠠᠨ ᠵᠤᠢᠯ ᠤᠨ ᠠᠷᠭ᠎ᠠ ᠭᠡᠮᠵᠢᠶ᠎ᠠ ᠶᠢ ᠵᠡᠷᠭᠡᠪᠡᠷ ᠭᠡᠷᠡᠭᠯᠡᠨ᠂ ᠲᠠᠰ ᠲᠠᠷᠠᠭᠠᠯᠠᠯ ᠶᠤᠰᠤᠭᠠᠷ ᠴᠢᠨᠠᠷ ᠪᠠ ᠲᠤᠭ᠎ᠠ ᠭᠡᠮᠵᠢᠶ᠎ᠠ ᠶᠢ ᠪᠠᠳᠤᠯᠠᠨ ᠪᠠᠶᠡᠯᠡᠬᠦᠯᠵᠤ᠂ ᠨᠢᠭᠡᠨᠳᠠ ᠪᠠᠢᠭᠤᠯᠤᠭᠰᠨᠨ ᠪᠠᠷᠢᠯᠭ᠎ᠠ᠂ ᠲᠦᠷᠤᠯ ᠵᠤᠢᠯ ᠳᠤ ᠤᠷᠳᠤ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠲᠤᠭᠳᠠᠴᠨ ᠶᠢ ᠪᠠᠢᠭᠤᠯᠤᠨ ᠪᠦᠷᠢᠨᠰᠢᠬᠦᠯᠵᠤ᠂ ᠬᠠᠮᠤᠭ ᠶᠡᠭᠡ ᠦᠷ᠎ᠠ ᠠᠰᠢᠭ ᠤᠯᠵᠤ᠂ ᠤᠯᠨᠨ ᠲᠦᠮᠨᠨ ᠳᠤ ᠦᠨᠡᠨᠬᠦ ᠠᠰᠢᠭ ᠬᠦᠷᠳᠡᠭᠡᠬᠦ ᠶᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃


ᠪᠠᠢᠴᠠᠭᠠᠨ ᠦᠵᠡᠬᠦ ᠶᠠᠪᠤᠴᠨ ᠳᠤ᠂ ᠠᠷᠠᠳ ᠤᠨ ᠲᠦᠯᠤᠭᠡᠯᠡᠭᠴᠢ ᠡᠴᠨ ᠬᠤᠰᠢᠭᠤᠨ ᠤ ᠵᠠᠰᠠᠭ ᠤᠨ ᠤᠷᠳᠤᠨ ᠤ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠪᠠ ᠭᠤᠤᠯᠳᠠᠯᠭ᠎ᠠ ᠲᠠᠢ ᠠᠵᠢᠯ ᠤᠨ ᠪᠠᠢᠳᠠᠯ ᠢ ᠬᠦᠢᠴᠡᠳ ᠨᠤᠳᠠᠯᠠᠪᠠ᠃ ᠤᠯᠠᠨ ᠶᠢᠠᠷ ᠶᠢᠠᠨ ᠲᠤᠰ ᠤᠳᠠᠭᠠᠨ ᠤ ᠪᠠᠢᠴᠠᠭᠠᠨ ᠦᠵᠡᠬᠦ ᠠᠵᠢᠯᠯᠠᠭ᠎ᠠ ᠪᠡᠷ ᠬᠦᠳᠡᠯᠭᠡᠬᠦ ᠬᠦᠴᠤᠨ ᠪᠤᠯᠭᠠᠵᠤ᠂ ᠬᠠᠷᠢᠭᠤᠴᠠᠯᠭᠠᠳᠤ ᠰᠡᠳᠬᠢᠯᠭᠡ᠂ ᠡᠬᠦᠷᠭᠡᠳᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠨᠳᠤᠰᠤᠨ ᠱᠠᠳᠤᠨ ᠳᠤ ᠬᠦᠨᠵᠡᠭᠡᠢᠷᠡᠨ᠂ ᠤᠯᠠᠨ ᠲᠦᠮᠨᠨ ᠤ ᠲᠤᠮᠳᠠ ᠬᠦᠨᠵᠡᠭᠡᠢᠷᠡᠵᠤ ᠪᠠᠢᠴᠠᠭᠠᠨ ᠰᠤᠳᠤᠯᠤᠯᠳᠠ ᠬᠢᠵᠤ᠂ ᠠᠷᠠᠳ ᠤᠨ ᠰᠠᠨᠠᠭ᠎ᠠ ᠶᠢ ᠦᠷᠭᠡᠨ ᠶᠢᠠᠷ ᠰᠤᠨᠤᠰᠤᠨ᠂ ᠢᠳᠡᠪᠬᠢᠳᠠᠢ ᠠᠷᠭ᠎ᠠ ᠤᠬᠠᠭᠠᠨ ᠲᠠᠪᠰᠢᠬᠦᠯᠵᠤ᠂ ᠠᠷᠠᠳ ᠤᠨ ᠠᠮᠢᠳᠤᠷᠠᠯ᠂ ᠤᠯᠨᠨ ᠲᠦᠮᠨᠨ ᠳᠤ ᠠᠰᠢᠭ ᠬᠦᠷᠳᠡᠭᠡᠬᠦ ᠰᠠᠨᠠᠯ ᠰᠠᠨᠠᠭᠤᠯᠭ᠎ᠠ ᠶᠢ ᠢᠯᠡᠬᠦᠭᠡᠨ ᠲᠤᠷᠠᠳᠴᠤ᠂ ᠪᠦᠬᠦ ᠬᠤᠰᠢᠭᠤᠨ ᠤ ᠤᠯᠨᠨ ᠲᠦᠮᠨᠨ ᠤ ᠵᠤᠯ ᠵᠢᠷᠭᠠᠯᠳᠤ ᠲᠦᠷᠦᠭᠳᠠᠯ ᠢ ᠤᠯᠠᠮ ᠨᠢᠭᠡ ᠠᠯᠬᠤᠮ ᠲᠠᠭᠡᠭᠰᠢᠯᠡᠬᠦᠯᠤᠨᠡ ᠭᠡᠵᠤ ᠢᠯᠡᠳᠭᠡᠵᠡᠭᠡᠪᠡ᠃(ᠳ᠋ᠠᠢ ᠰᠢᠶᠦ᠋ᠩ)