ᠤᠳᠤ ᠶᠢᠨ ᠪᠠᠢ᠌ᠷᠢ᠄ ᠴᠢᠬᠤᠯᠠ ᠮᠡᠳᠡᠭᠡ → ᠡᠤ ᠴᠢᠩ ᠬᠠᠢ ᠴᠢᠪᠠᠭᠠᠳᠤ ᠰᠤᠮᠤ ᠳᠤ ᠪᠠᠢᠴᠠᠭᠠᠨ᠁
ᠡᠤ ᠴᠢᠩ ᠬᠠᠢ ᠴᠢᠪᠠᠭᠠᠳᠤ ᠰᠤᠮᠤ ᠳᠤ ᠪᠠᠢᠴᠠᠭᠠᠨ ᠰᠤᠳᠤᠯᠤᠯᠳᠠ ᠬᠢᠵᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠵᠢᠭᠠᠨ ᠵᠢᠯᠤᠭᠤᠳᠪᠠ

  

        

        1 ᠰᠠᠷ᠎ᠠ ᠶᠢᠨ 8᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ ᠴᠢᠪᠠᠭᠠᠳᠤ ᠰᠤᠮᠤ ᠳᠤ ᠪᠠᠢᠴᠠᠭᠠᠨ ᠰᠤᠳᠤᠯᠤᠯᠳᠠ ᠬᠢᠵᠤ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠵᠢᠭᠠᠨ ᠵᠢᠯᠤᠭᠤᠳᠪᠠ᠃

        
             ᠡᠤ ᠴᠢᠩ ᠬᠠᠢ ᠤᠷᠢᠳ ᠬᠤᠵᠢᠳ ᠴᠢᠪᠠᠭᠠᠳᠤ ᠰᠤᠮᠤ ᠶᠢᠨ ᠪᠤᠤ ᠠᠨ ᠲᠤᠰᠬᠤᠨ᠂ ᠪᠠᠶᠠᠨᠬᠤᠸᠨ ᠭᠠᠴᠠᠭ᠎ᠠ ᠵᠡᠷᠭᠡ ᠭᠠᠵᠠᠷ ᠶᠢᠠᠷ ᠬᠦᠷᠴᠤ᠂ ᠰᠠᠭᠤᠳᠠᠯ ᠤᠨ ᠬᠤᠷᠠᠯ ᠬᠤᠷᠠᠯᠳᠤᠭᠤᠯᠬᠤ᠂ ᠠᠵᠢᠯ ᠤᠨ ᠪᠠᠢᠳᠠᠯ ᠤᠨ ᠲᠠᠨᠢᠯᠴᠠᠭᠤᠯᠭ᠎ᠠ ᠶᠢ ᠰᠤᠨᠤᠰᠬᠤ᠂ ᠲᠤᠬᠠᠢ ᠶᠢᠨ ᠭᠠᠵᠠᠷ ᠲᠤᠨᠢ ᠬᠦᠷᠴᠤ ᠪᠠᠢᠴᠠᠭᠠᠨ ᠦᠵᠡᠬᠦ ᠵᠡᠷᠭᠡ ᠭᠡᠯᠪᠡᠷᠢ ᠪᠠᠷ ᠲᠠᠮᠵᠢᠨ᠂ ᠴᠢᠪᠠᠭᠠᠳᠤ ᠰᠤᠮᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠦᠷᠨᠢᠬᠦᠯᠦᠭᠰᠨᠨ ᠪᠠᠢᠳᠠᠯ ᠵᠢᠴᠢ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ᠂ ᠠᠷᠠᠳ ᠤᠨ ᠵᠠᠩ ᠵᠠᠩᠰᠢᠯ᠂ ᠤᠶᠤᠨ ᠤ ᠪᠤᠯᠪᠠᠰᠤᠨ ᠤ ᠪᠦᠳᠤᠭᠡᠨ ᠪᠠᠢᠭᠤᠯᠤᠯᠳᠠ ᠬᠢᠭᠡᠳ ᠲᠠᠷᠢᠶᠠᠴᠢᠨ ᠮᠠᠯᠴᠢᠳ ᠤᠨ ᠤᠢᠯᠡᠳᠪᠤᠷᠢᠯᠡᠯ ᠠᠮᠢᠳᠤᠷᠠᠯ ᠵᠡᠷᠭᠡ ᠪᠠᠢᠳᠠᠯ ᠢ ᠨᠠᠷᠢᠯᠢᠭ ᠤᠢᠯᠠᠭᠠᠬᠤ ᠶᠢᠨ ᠬᠠᠮᠳᠤ᠂ ᠲᠠᠷᠠᠭᠠᠴᠢ ᠶᠢᠨ ᠠᠯᠬᠤᠮ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ᠂ ᠶᠠᠳᠠᠭᠤ ᠡᠴᠨ ᠠᠩᠬᠢᠵᠢᠷᠠᠭᠤᠯᠬᠤ ᠪᠠᠬᠢᠯᠡᠯᠳᠠ ᠰᠢᠪᠳᠤᠯᠬᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠵᠡᠷᠭᠡ ᠬᠠᠮᠢᠶ᠎ᠠ ᠪᠦᠬᠦᠢ ᠠᠵᠢᠯ ᠳᠤ ᠵᠢᠯᠤᠭᠤᠳᠬᠤ ᠴᠢᠨᠠᠷᠳᠠᠢ ᠰᠠᠨᠠᠯ ᠰᠠᠨᠠᠭᠤᠯᠭ᠎ᠠ ᠲᠤᠷᠠᠳᠪᠠ᠃

        


        
            ᠡᠤ ᠴᠢᠩ ᠬᠠᠢ ᠡᠴᠨ ᠠᠷᠠᠳ ᠤᠨ ᠲᠦᠯᠤᠭᠡᠯᠡᠭᠴᠢᠳ ᠤᠨ ᠠᠵᠢᠯ ᠡᠷᠭᠡᠪᠰᠢ ᠪᠤᠰᠤᠤᠨ ᠠᠵᠢᠯ ᠲᠠᠢ ᠤᠷᠭᠠᠨᠢᠭ ᠶᠢᠠᠷ ᠤᠶᠠᠯᠳᠤᠭᠤᠯᠬᠤ ᠭᠡᠷᠡᠭᠳᠡᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠬᠢᠭᠡᠳ ᠨᠠᠮ ᠤᠨ ᠪᠠᠢᠭᠤᠯᠤᠯᠳᠠ ᠶᠢᠨ ᠠᠵᠢᠯ ᠲᠠᠢ ᠤᠷᠭᠠᠨᠢᠭ ᠤᠶᠠᠯᠳᠤᠭᠤᠯᠬᠤ ᠶᠢ ᠰᠠᠢᠳᠤᠷ ᠠᠳᠬᠤᠵᠤ᠂ ᠨᠠᠮ ᠤᠨ ᠪᠠᠢᠭᠤᠯᠤᠯᠳᠠ ᠪᠡᠷ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠦᠳᠤᠯᠤᠨ ᠲᠠᠭᠠᠭᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠯ᠎ᠠ ᠲᠦᠷᠤᠯ ᠤᠨ ᠠᠵᠢᠯ ᠳᠤ ᠨᠠᠮ ᠤᠨ ᠤᠳᠤᠷᠢᠳᠤᠯᠭ᠎ᠠ ᠶᠢ ᠡᠷᠡᠰ ᠭᠤᠢᠪᠢᠰᠢ ᠦᠭᠡᠢ ᠢᠯᠡᠷᠡᠬᠦᠯᠬᠦ ᠶᠢ ᠦᠨᠡᠨᠬᠦ ᠪᠠᠳᠤᠯᠠᠬᠤ ᠶᠢᠨ ᠬᠠᠮᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠤᠭᠴᠨ ᠶᠢᠨ ᠪᠤᠳᠠᠳᠤ ᠦᠷ᠎ᠠ ᠪᠦᠳᠤᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠷᠤᠭᠰᠢᠯᠠᠨ ᠲᠠᠪᠰᠢᠬᠤ ᠭᠡᠷᠡᠭᠳᠡᠢ ᠭᠡᠵᠤ ᠴᠢᠬᠤᠯᠠᠴᠢᠯᠠᠪᠠ᠃

                                                                                                                    (ᠳ᠋ᠠᠢ ᠰᠢᠶᠦ᠋ᠩ)
ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠦᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ 2020 ᠤᠨ ᠤ ᠭᠤᠤᠯᠳᠠᠯᠭ᠎᠎ᠠ ᠲᠠᠢ ᠠᠵᠢᠯ ᠢ ᠪᠠᠢᠴᠠᠭᠠᠨ ᠦᠵᠡᠪᠡ
ᠳᠠᠷᠠᠭᠠᠬᠢ᠄ ᠡᠤ ᠴᠢᠩ ᠬᠠᠢ ᠪᠠᠶᠠᠷᠳᠤᠬᠤᠰᠢᠭᠤ ᠪᠠᠯᠭᠠᠰᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠰᠢᠮᠳᠠᠭᠤᠯᠤᠨ ᠪᠠᠢᠴᠠᠭᠠᠵᠤ ᠵᠢᠭᠠᠨ ᠵᠢᠯᠤᠭᠤᠳᠪᠠ