ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠨᠠᠮ ᠤᠨ ᠭᠡᠰᠢᠬᠦᠨ ᠺᠠᠳ᠋ᠷ ᠤᠨ ᠲᠦᠪᠯᠡᠷᠡᠬᠦᠯᠤᠨ ᠰᠤᠷᠤᠯᠴᠠᠬᠤ ᠬᠤᠷᠠᠯ ᠬᠤᠷᠠᠯᠳᠤᠭᠤᠯᠪᠠ

1 ᠰᠠᠷ᠎ᠠ ᠶᠢᠨ8᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢᠭᠤᠯᠵᠤ᠂ ᠰᠢ ᠵᠢᠨ ᠫᠢᠩ ᠶᠡᠷᠤᠩᠭᠡᠢ ᠱᠦᠵᠢ ᠶᠢᠨ ᠤᠢᠷ᠎ᠠ ᠶᠢᠨ ᠬᠤᠭᠤᠴᠠᠭᠠᠨ ᠤ ᠴᠢᠬᠤᠯᠨ ᠶᠠᠷᠢᠶ᠎ᠠ᠂ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠪᠠ᠃

ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠨ ᠲᠠᠭᠠᠭᠤᠯᠤᠨ ᠰᠤᠷᠤᠯᠴᠠᠪᠠ᠃ ᠪᠠᠢᠩᠭᠤ ᠶᠢᠨ ᠬᠤᠷᠢᠶᠠᠨ ᠤ ᠠᠯᠪᠠᠨ ᠭᠡᠷ ᠤᠨ ᠲᠠᠳ᠋ ᠡᠷᠬᠢᠯᠡᠭᠴᠢ ᠬᠠᠢ ᠶᠢᠩ᠂ ᠪᠠᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠦᠪᠯᠡᠯ ᠤᠨ ᠡᠷᠬᠢᠯᠡᠭᠴᠢ ᠮᠦᠩᠬᠦᠨᠸᠴᠢᠷ ᠪᠠ ᠪᠠᠢᠩᠭᠤ ᠶᠢᠨ ᠬᠤᠷᠢᠶᠠᠨ ᠤ ᠰᠤᠩᠭᠤᠭᠤᠯᠢ ᠶᠢᠨ ᠶᠠᠪᠤᠳᠠᠯ ᠤᠨ ᠬᠠᠷᠢᠯᠴᠠᠬᠤ ᠠᠵᠢᠯ ᠤᠨ ᠵᠦᠪᠯᠡᠯ ᠤᠨ ᠡᠷᠬᠢᠯᠡᠭᠴᠢ ᠮᠦᠩᠭᠡᠪᠠᠳᠤ ᠡᠴᠨ ᠲᠠᠷᠠᠭᠠᠯᠠᠨ ᠲᠠᠭᠠᠭᠤᠯᠤᠨ ᠰᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠲᠠᠷᠤᠭ᠎ᠠ ᠡᠤ ᠴᠢᠩ ᠬᠠᠢ᠂ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ᠂ ᠲᠠᠳ᠋ ᠡᠷᠬᠢᠯᠡᠭᠴᠢ ᠡᠤ ᠰᠢᠶᠤᠤ ᠡᠩ ᠤᠨ ᠨᠠᠮ ᠤᠨ ᠭᠡᠰᠢᠬᠦᠨ ᠤ ᠬᠤᠪᠢ ᠪᠡᠷ ᠰᠤᠷᠤᠯᠴᠠᠯᠭ᠎ᠠ ᠳᠤ ᠤᠷᠤᠯᠴᠠᠪᠠ᠃

ᠬᠤᠷᠠᠯ ᠤᠨ ᠡᠴᠤᠰ ᠲᠤ᠂ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠲᠠᠷᠤᠭ᠎ᠠ ᠡᠤ ᠴᠢᠩ ᠬᠠᠢ ᠳ᠋ᠦ᠋ᠩᠨᠡᠯᠳᠠ ᠶᠢᠨ ᠶᠠᠷᠢᠶ᠎ᠠ ᠬᠢᠵᠤ᠂ ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠢ ᠦᠵᠡᠯ ᠰᠠᠨᠠᠭ᠎ᠠ ᠪᠠ ᠲᠠᠨᠢᠯᠳᠠ ᠪᠠᠨ ᠲᠠᠭᠡᠭᠰᠢᠯᠡᠬᠦᠯᠵᠤ᠂ ᠬᠢᠴᠢᠶᠠᠯ ᠨᠦᠬᠦᠵᠤ ᠴᠠᠬᠢᠯᠭᠠᠨ ᠴᠡᠨᠡᠭᠯᠡᠬᠦ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠤᠨ᠂ ᠰᠤᠷᠤᠯᠴᠠᠬᠤ ᠲᠤᠷ᠎ᠠ ᠦᠭᠡᠢ᠂ ᠰᠤᠷᠤᠯᠴᠠᠬᠤ ᠶᠢ ᠪᠤᠳᠤᠬᠤ ᠦᠭᠡᠢ ᠠᠰᠠᠭᠤᠳᠠᠯ ᠢ ᠪᠠᠶᠡᠴᠢ ᠲᠠᠯ᠎ᠠ ᠡᠴᠨ ᠰᠢᠢᠳᠪᠤᠷᠢᠯᠡᠵᠤ᠂ ᠤᠬᠠᠮᠰᠠᠷ ᠡᠴᠨ ᠪᠠᠨ ᠴᠠᠭ ᠦᠶ᠎ᠠ ᠶᠢᠨ ᠤᠷᠤᠰᠬᠠᠯ ᠢ ᠲᠠᠭᠠᠵᠤ ᠠᠮᠵᠢᠬᠤ ᠭᠡᠷᠡᠭᠳᠡᠢ᠃ ᠰᠤᠷᠤᠯᠴᠠᠯᠭ᠎ᠠ ᠶᠢᠨ ᠲᠦᠷᠢᠮ ᠢ ᠴᠢᠩᠭᠠᠷᠠᠭᠤᠯᠵᠤ᠂ ᠰᠤᠷᠤᠯᠴᠠᠬᠤ ᠭᠡᠯᠪᠡᠷᠢ ᠶᠢᠨ ᠪᠠᠢᠭᠤᠯᠭ᠎ᠠ ᠶᠢ ᠪᠦᠳᠤᠭᠡᠨ ᠪᠠᠢᠭᠤᠯᠵᠤ᠂ ᠤᠳᠤᠷᠢᠳᠬᠤ ᠺᠠᠳ᠋ᠷ ᠤᠨ ᠬᠦᠳᠤᠯᠤᠨ ᠲᠠᠭᠠᠭᠤᠯᠬᠤ ᠤᠢᠯᠡᠳᠤᠯ ᠢ ᠬᠦᠢᠴᠡᠳ ᠪᠠᠳᠠᠷᠠᠭᠤᠯᠬᠤ ᠭᠡᠷᠡᠭᠳᠡᠢ᠃ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠨᠡᠮ ᠤᠨ ᠡᠬᠦᠷ ᠤᠨ ᠲᠦᠪᠯᠡᠷᠡᠭᠰᠨᠨ ᠰᠤᠷᠤᠯᠴᠠᠯᠭ᠎ᠠ ᠶᠢᠨ ᠬᠦᠳᠡᠯᠭᠡᠭᠡᠨ ᠪᠠ ᠰᠠᠷ᠎ᠠ ᠪᠦᠷᠢ ᠶᠢᠨ ᠨᠢᠭᠡ ᠤᠳᠠᠭᠠᠨ ᠤ ᠨᠠᠮ ᠤᠨ ᠬᠢᠴᠢᠶᠠᠯ ᠳᠤ ᠤᠷᠤᠯᠴᠠᠬᠤ ᠬᠠᠮᠢᠶ᠎ᠠ ᠪᠦᠬᠦᠢ ᠲᠦᠷᠢᠮ ᠢ ᠪᠠᠢᠭᠤᠯᠬᠤ ᠶᠢ ᠬᠠᠢᠨ ᠰᠦᠪᠡᠭᠴᠢᠯᠠᠵᠤ᠂ ᠤᠳᠤᠷᠢᠳᠬᠤ ᠺᠠᠳ᠋ᠷ ᠤᠷᠢᠳᠠᠪᠠᠷ ᠰᠤᠷᠤᠯᠴᠠᠬᠤ᠂ ᠬᠦᠨᠵᠡᠭᠡᠢ ᠰᠤᠷᠤᠯᠴᠠᠬᠤ ᠶᠢ ᠠᠬᠢᠭᠤᠯᠵᠤ᠂ ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠢᠭᠤᠯᠤᠯᠳᠠ ᠶᠢᠨ ᠪᠦᠳᠤᠭᠡᠨ ᠪᠠᠢᠭᠤᠯᠤᠯᠳᠠ ᠶᠢᠨ ᠢᠳᠡᠪᠬᠢ ᠰᠠᠨᠠᠭᠠᠴᠢᠯᠠᠭᠴᠢ᠂ ᠨᠠᠷᠢᠯᠢᠭ ᠵᠤᠬᠢᠶᠠᠨ ᠪᠠᠢᠭᠤᠯᠤᠭᠴᠢ᠂ ᠶᠡᠭᠡ ᠬᠦᠴᠤᠨ ᠤ ᠲᠦᠯᠬᠢᠭᠴᠢ ᠪᠤᠯᠵᠤ᠂ ᠲᠠᠭᠠᠭᠤᠯᠤᠭᠴᠢ ᠤᠢᠯᠡᠳᠤᠯ ᠪᠠ ᠲᠠᠭᠤᠷᠢᠶᠠᠯ ᠦᠵᠡᠬᠦᠯᠬᠦ ᠤᠢᠯᠡᠴᠢᠯᠡᠭᠡ ᠶᠢ ᠬᠦᠢᠴᠡᠳ ᠰᠠᠢᠨ ᠪᠠᠳᠠᠷᠠᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃


ᠬᠤᠷᠠᠯ ᠲᠠᠭᠡᠷ᠎ᠠ ᠪᠠᠰᠨ ᠲᠦᠩᠯᠢᠶᠤᠤ ᠬᠤᠳᠠ ᠶᠢᠨ ᠰᠢᠨ᠎ᠡ ᠭᠡᠯᠪᠡᠷᠢ ᠶᠢᠨ ᠲᠢᠳᠢᠮᠯᠢᠭ᠌ ᠸᠢᠷᠦ᠋ᠰ ᠡᠴᠨ ᠬᠠᠯᠳᠠᠪᠤᠷᠢᠯᠠᠭᠰᠨᠨ ᠠᠭᠤᠰᠬᠢᠨ ᠦᠷᠪᠢᠰᠤᠯ ᠢ ᠰᠡᠷᠬᠡᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ《ᠬᠢᠵᠢᠭ᠌ ᠤᠨ ᠪᠠᠢᠳᠠᠯ ᠢ ᠰᠡᠷᠬᠡᠢᠯᠡᠨ ᠡᠵᠡᠮᠳᠡᠬᠦ ᠶᠢ ᠴᠢᠩᠭᠠᠳᠬᠠᠨ ᠬᠦᠮᠤᠨ ᠠᠮᠨ ᠶᠢᠨ ᠶᠠᠪᠤᠵᠤ ᠰᠠᠭᠤᠬᠤ ᠪᠠ ᠴᠤᠭᠯᠠᠷᠠᠬᠤ ᠶᠢ ᠪᠠᠭᠠᠰᠬᠠᠬᠤ ᠲᠤᠬᠠᠢ ᠮᠡᠳᠡᠭᠳᠡᠯ》([2021]1ᠳ᠋ᠤᠭᠡᠷ ᠲᠤᠭᠠᠳᠤ) ᠪᠢᠴᠢᠭ᠌ ᠮᠠᠲ᠋ᠸᠷᠢᠶᠠᠯ ᠢ ᠤᠯᠠᠮᠵᠢᠯᠠᠨ ᠰᠤᠷᠤᠯᠴᠠᠪᠠ᠃(ᠳ᠋ᠠᠢ ᠰᠢᠶᠦ᠋ᠩ)