ᠤᠳᠤ ᠶᠢᠨ ᠪᠠᠢ᠌ᠷᠢ᠄ ᠴᠢᠬᠤᠯᠠ ᠮᠡᠳᠡᠭᠡ → ᠡᠤ ᠴᠢᠩ ᠬᠠᠢ ᠪᠠᠶᠠᠷᠳᠤᠬᠤᠰᠢᠭᠤ ᠪᠠᠯᠭᠠᠰᠤᠨ ᠤ᠁
ᠡᠤ ᠴᠢᠩ ᠬᠠᠢ ᠪᠠᠶᠠᠷᠳᠤᠬᠤᠰᠢᠭᠤ ᠪᠠᠯᠭᠠᠰᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠰᠢᠮᠳᠠᠭᠤᠯᠤᠨ ᠪᠠᠢᠴᠠᠭᠠᠵᠤ ᠵᠢᠭᠠᠨ ᠵᠢᠯᠤᠭᠤᠳᠪᠠ


        


        

        1 ᠰᠠᠷ᠎ᠠ ᠶᠢᠨ12᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ ᠪᠠᠶᠠᠷᠳᠤᠬᠤᠰᠢᠭᠤ ᠪᠠᠯᠭᠠᠰᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠰᠢᠮᠳᠠᠭᠤᠯᠤᠨ ᠪᠠᠢᠴᠠᠭᠠᠵᠤ ᠵᠢᠭᠠᠨ ᠵᠢᠯᠤᠭᠤᠳᠪᠠ᠃

        


        
             ᠪᠠᠶᠠᠷᠳᠤᠬᠤᠰᠢᠭᠤ ᠪᠠᠯᠭᠠᠰᠤᠨ ᠤ ᠭᠤᠤᠯ ᠡᠷᠡᠬᠦᠯ ᠬᠠᠮᠠᠭᠠᠯᠠᠯ ᠤᠨ ᠬᠤᠷᠢᠶ᠎ᠠ ᠳᠤ᠂ ᠡᠤ ᠴᠢᠩ ᠬᠠᠢ ᠭᠤᠤᠯ ᠬᠠᠷᠢᠭᠤᠴᠠᠯᠭᠠᠳᠠᠨ ᠤ ᠬᠢᠵᠢᠭ᠌ ᠤᠨ ᠪᠠᠢᠳᠠᠯ ᠢ ᠰᠡᠷᠬᠡᠢᠯᠡᠨ ᠡᠵᠡᠮᠳᠡᠬᠦ ᠠᠵᠢᠯ ᠤᠨ ᠮᠡᠳᠡᠬᠦᠯᠤᠯᠳᠠ ᠶᠢ ᠨᠠᠷᠢᠨ ᠬᠢᠨᠠᠮᠠᠭᠠᠢ ᠰᠤᠨᠤᠰᠴᠤ᠂ ᠪᠦᠭᠡᠮ ᠬᠦᠴᠢᠯ ᠤᠨ ᠦᠯᠢᠭᠡᠷ ᠠᠪᠴᠤ ᠴᠤᠭᠯᠠᠭᠤᠯᠬᠤ᠂ ᠲᠤᠰᠠᠭᠠᠷᠯᠠᠵᠤ ᠦᠯᠡᠳᠡᠭᠡᠨ ᠠᠵᠢᠭᠯᠠᠬᠤ ᠡᠪᠡᠳᠴᠢᠳᠠᠨ ᠤ ᠦᠷᠤᠭᠡ ᠶᠢ ᠲᠤᠬᠢᠷᠠᠭᠤᠯᠬᠤ ᠪᠠ ᠡᠮᠨᠡᠯᠭᠡ ᠳᠤ ᠤᠷᠤᠬᠤ ᠪᠠᠶ᠎ᠠ ᠶᠢᠨ ᠬᠠᠯᠠᠭᠤᠨ ᠢ ᠭᠡᠮᠵᠢᠬᠦ ᠶᠠᠪᠤᠴᠨ᠂ ᠡᠳ᠋ ᠪᠤᠳᠠᠰ ᠤᠨ ᠨᠦᠭᠡᠴᠨ ᠵᠡᠷᠭᠡ ᠪᠠᠢᠳᠠᠯ ᠢ ᠲᠤᠬᠠᠢ ᠶᠢᠨ ᠭᠠᠵᠠᠷ ᠲᠤᠨᠢ ᠪᠠᠢᠴᠠᠭᠠᠨ ᠦᠵᠡᠵᠤ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠪᠠᠢᠷᠢᠯᠠᠭᠤᠯᠤᠯᠳᠠ᠂ ᠪᠠᠴᠢᠮ ᠠᠷᠭᠠᠴᠠᠬᠤ ᠠᠵᠢᠯᠯᠠᠭ᠎ᠠ᠂ ᠬᠢᠨᠠᠨ ᠭᠡᠮᠵᠢᠵᠤ ᠰᠢᠭ᠍ᠰᠢᠨ ᠪᠠᠢᠴᠠᠭᠠᠬᠤ᠂ ᠡᠮᠴᠢᠯᠡᠭᠡᠨ ᠤ ᠡᠬᠢ ᠪᠠᠶᠠᠯᠢᠭ ᠢ ᠨᠢᠭᠡᠳᠤᠯᠳᠠᠢ ᠲᠤᠬᠢᠷᠠᠭᠤᠯᠬᠤ ᠪᠠ ᠬᠤᠪᠢ ᠬᠦᠮᠤᠨ ᠤ ᠰᠡᠷᠭᠡᠢᠯᠡᠨ ᠬᠠᠮᠠᠭᠠᠯᠠᠬᠤ ᠮᠡᠳᠡᠯᠭᠡ ᠶᠢᠨ ᠪᠤᠯᠪᠠᠰᠤᠷᠠᠯ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠤᠬᠠᠭᠤᠯᠭ᠎ᠠ ᠵᠡᠷᠭᠡ ᠲᠠᠯ᠎ᠠ ᠶᠢᠨ ᠠᠵᠢᠯ ᠢ ᠨᠠᠷᠢᠯᠢᠭ ᠤᠢᠯᠠᠭᠠᠪᠠ᠃

        
           ᠡᠤ ᠴᠢᠩ ᠬᠠᠢ ᠪᠠᠰᠨ ᠪᠠᠶᠠᠷᠳᠤᠬᠤᠰᠢᠭᠤ ᠪᠠᠯᠭᠠᠰᠤᠨ ᠤ ᠵᠢᠵᠢᠭᠯᠡᠨ ᠬᠤᠳᠠᠯᠳᠤᠬᠤ ᠡᠮ ᠤᠨ ᠲᠠᠯᠭᠡᠬᠦᠷ ᠪᠠ ᠬᠠᠮ ᠲᠠᠯᠭᠡᠬᠦᠷ ᠲᠤ ᠬᠦᠷᠴᠤ ᠡᠮᠴᠢᠯᠡᠭᠡᠨ ᠤ ᠬᠠᠮᠠᠭᠠᠯᠠᠯᠳᠠ ᠶᠢᠨ ᠡᠳ᠋ ᠪᠤᠳᠠᠰ ᠢ ᠬᠤᠳᠠᠯᠳᠤᠨ ᠠᠪᠬᠤ᠂ ᠠᠮᠢᠳᠤᠷᠠᠯ ᠤᠨ ᠴᠢᠬᠤᠯᠨ ᠭᠡᠷᠡᠭᠴᠡᠭᠡᠨ ᠤ ᠵᠤᠢᠯ ᠢ ᠨᠦᠭᠡᠴᠡᠯᠡᠬᠦ ᠪᠠ ᠪᠤᠷᠤᠯᠠᠭᠤᠯᠬᠤ ᠵᠡᠷᠭᠡ ᠪᠠᠢᠳᠠᠯ ᠢ ᠲᠤᠬᠠᠢ ᠶᠢᠨ ᠭᠠᠵᠠᠷ ᠲᠤᠨᠢ ᠪᠠᠢᠴᠠᠭᠠᠨ ᠦᠵᠡᠵᠤ ᠤᠢᠯᠠᠭᠠᠬᠤ ᠶᠢᠨ ᠬᠠᠮᠳᠤ᠂ ᠪᠡᠶ᠎ᠠ ᠶᠢᠨ ᠬᠠᠯᠠᠭᠤᠨ ᠢ ᠭᠡᠮᠵᠢᠬᠦ᠂ ᠬᠦᠮᠤᠨ ᠬᠠᠷ᠎ᠠ ᠶᠢᠨ ᠲᠠᠩᠰᠠᠯᠠᠯᠳᠠ ᠬᠢᠬᠦ ᠵᠢᠷᠤᠮᠵᠢᠭᠰᠨᠨ ᠠᠵᠢᠯᠯᠠᠭᠠᠨ ᠤ ᠪᠠᠢᠳᠠᠯ ᠢ ᠯᠠᠪᠯᠠᠨ ᠠᠰᠠᠭᠤᠪᠠ᠃
              


        

        ᠡᠤ ᠴᠢᠩ ᠬᠠᠢ ᠡᠴᠨ᠂ ᠬᠠᠮ ᠲᠠᠯᠭᠡᠬᠦᠷ ᠪᠤᠯ ᠬᠦᠮᠤᠨ ᠬᠠᠷ᠎ᠠ ᠲᠦᠪᠯᠡᠷᠡᠭᠰᠨᠨ ᠲᠠᠯᠠᠪᠤᠷ ᠮᠦᠨ᠂ ᠡᠷᠭᠡᠪᠰᠢ ᠠᠷᠢᠭᠤᠳᠬᠠᠬᠤ᠂ ᠪᠠᠺᠲ᠋ᠸᠷᠢ ᠠᠯᠠᠬᠤ᠂ ᠰᠠᠯᠬᠢ ᠨᠡᠪᠳᠡᠷᠡᠬᠦᠯᠬᠦ ᠵᠡᠷᠭᠡ ᠰᠡᠷᠭᠡᠢᠯᠡᠨ ᠡᠵᠡᠮᠳᠡᠬᠦ ᠠᠷᠭ᠎ᠠ ᠠᠪᠴᠠᠯ ᠢ ᠴᠢᠩᠭᠠᠳᠬᠠᠵᠤ᠂ ᠠᠮᠠᠪᠴᠢ ᠵᠡᠬᠦᠬᠦ᠂ ᠪᠡᠶ᠎ᠠ ᠶᠢᠨ ᠬᠠᠯᠠᠭᠤᠨ ᠢ ᠭᠡᠮᠵᠢᠬᠦ ᠪᠠ ᠬᠦᠮᠤᠨ ᠬᠠᠷ᠎ᠠ ᠶᠢᠨ ᠤᠷᠤᠵᠤ ᠢᠷᠡᠬᠦ ᠶᠢ ᠲᠠᠮᠳᠡᠭᠯᠡᠬᠦ ᠲᠦᠷᠢᠮ ᠢ ᠴᠢᠩᠭ᠎ᠠ ᠨᠠᠢᠳᠠᠪᠤᠷᠢᠵᠢᠭᠤᠯᠤᠨ᠂ ᠬᠠᠮ ᠲᠠᠯᠭᠡᠬᠦᠷ ᠵᠡᠷᠭᠡ ᠲᠠᠯᠠᠪᠤᠷ ᠤᠨ ᠬᠠᠷᠢᠴᠠᠯᠠᠰᠢᠬᠦᠢ ᠠᠮᠤᠷ ᠲᠦᠪᠰᠢᠨ ᠢ ᠪᠠᠳᠤᠯᠠᠬᠤ ᠭᠡᠷᠡᠭᠳᠡᠢ᠃ ᠬᠠᠩᠭᠠᠯᠭ᠎ᠠ ᠶᠢ ᠪᠠᠳᠤᠯᠠᠵᠤ ᠦᠨ᠎ᠡ ᠬᠠᠩᠰᠢ ᠶᠢ ᠲᠤᠭᠳᠠᠪᠤᠷᠢᠵᠢᠭᠤᠯᠬᠤ ᠠᠵᠢᠯ ᠢ ᠪᠦᠬᠦ ᠬᠦᠴᠤᠨ ᠶᠢᠠᠷ ᠰᠠᠢᠳᠤᠷ ᠬᠢᠵᠤ᠂ ᠪᠠᠷᠠᠭᠠᠨ ᠤ ᠦᠨ᠎ᠡ ᠶᠢ ᠦᠷᠢᠰᠤᠯᠳᠤᠨ ᠦᠰᠭᠡᠬᠦ᠂ ᠬᠤᠷᠠᠮᠳᠤᠭᠤᠯᠤᠨ ᠲᠠᠷᠤᠵᠤ ᠬᠤᠨᠵᠢᠨ ᠵᠠᠪᠰᠢᠬᠤ ᠵᠡᠷᠭᠡ ᠵᠠᠬ᠎ᠠ ᠲᠠᠯᠭᠡᠬᠦᠷ ᠤᠨ ᠵᠠᠪᠰᠢᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠰᠠᠭᠤᠭᠠᠯᠢ ᠠᠷᠠᠳ ᠤᠨ ᠠᠮᠢᠳᠤᠷᠠᠯ ᠤᠨ ᠠᠮᠤᠷ ᠲᠤᠭᠳᠠᠭᠤᠨ ᠡᠮᠬᠢ ᠲᠢᠭ᠍ᠯᠢᠮ ᠲᠠᠢ ᠪᠠᠢᠬᠤ ᠶᠢ ᠦᠨᠡᠨᠬᠦ ᠪᠠᠳᠤᠯᠠᠬᠤ ᠭᠡᠷᠡᠭᠳᠡᠢ ᠭᠡᠵᠤ ᠱᠠᠭᠠᠷᠳᠠᠪᠠ᠃(ᠳ᠋ᠠᠢ ᠰᠢᠶᠦ᠋ᠩ᠎)



ᠡᠮᠦᠨᠡᠬᠢ᠄ ᠡᠤ ᠴᠢᠩ ᠬᠠᠢ ᠴᠢᠪᠠᠭᠠᠳᠤ ᠰᠤᠮᠤ ᠳᠤ ᠪᠠᠢᠴᠠᠭᠠᠨ ᠰᠤᠳᠤᠯᠤᠯᠳᠠ ᠬᠢᠵᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠵᠢᠭᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ ᠭᠠᠵᠠᠷ ᠤᠷᠤᠨ ᠤ ᠪᠠᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠢ ᠰᠢᠮᠳᠠᠭᠤᠯᠤᠨ ᠪᠠᠢᠴᠠᠭᠠᠵᠤ ᠵᠢᠭᠠᠨ ᠵᠢᠯᠤᠭᠤᠳᠪᠠ