ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ ᠭᠠᠵᠠᠷ ᠤᠷᠤᠨ ᠤ ᠪᠠᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠢ ᠰᠢᠮᠳᠠᠭᠤᠯᠤᠨ ᠪᠠᠢᠴᠠᠭᠠᠵᠤ ᠵᠢᠭᠠᠨ ᠵᠢᠯᠤᠭᠤᠳᠪᠠ
     

        


        

        ᠤᠢᠷ᠎ᠠ  ᠳᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ ᠲᠤᠰᠪᠤᠷᠢ ᠲᠠᠭᠠᠭᠠᠴᠢᠯᠠᠨ ᠬᠠᠷᠢᠯᠴᠠᠬᠤ ᠭᠠᠵᠠᠷ ᠤᠷᠤᠨ ᠤ ᠪᠠᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠢ ᠰᠢᠮᠳᠠᠭᠤᠯᠤᠨ ᠪᠠᠢᠴᠠᠭᠠᠵᠤ ᠵᠢᠭᠠᠨ ᠵᠢᠯᠤᠭᠤᠳᠪᠠ᠃

        


        
            ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ ᠭᠠᠵᠠᠷ ᠤᠷᠤᠨ ᠤ ᠪᠠᠨ ᠭᠤᠤᠯ ᠬᠠᠷᠢᠭᠤᠴᠠᠯᠭᠠᠳᠠᠨ ᠤ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠤᠨ ᠠᠬᠢᠴᠨ ᠶᠢᠨ ᠲᠤᠬᠠᠢ ᠬᠠᠷᠢᠭᠤ ᠮᠡᠳᠡᠬᠦᠯᠤᠯᠳᠠ ᠶᠢ ᠰᠤᠨᠤᠰᠬᠤ ᠳᠠᠭᠠᠨ᠂ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠪᠤᠯ ᠤᠳᠤᠬᠠᠨ ᠤ ᠭᠠᠴᠠᠭ᠎ᠠ ᠲᠤᠰᠬᠤᠨ ᠤ ᠨᠠᠮ ᠤᠨ ᠭᠡᠰᠢᠬᠦᠨ ᠤᠯᠨᠨ ᠲᠦᠮᠨᠨ ᠤ ᠤᠯᠤᠰ ᠲᠦᠷᠤ ᠶᠢᠨ ᠠᠮᠢᠳᠤᠷᠠᠯ ᠲᠤᠮᠳᠠᠬᠢ ᠨᠢᠭᠡᠨ ᠴᠢᠬᠤᠯᠨ ᠶᠡᠭᠡ ᠬᠡᠷᠡᠭ ᠤᠴᠢᠷ ᠪᠤᠯᠤᠨ᠎ᠡ᠂ ᠮᠦᠨᠴᠤ ᠤᠳᠤᠠᠬᠨ ᠤ ᠡᠯ᠎ᠠ ᠰᠤᠮᠤ ᠪᠠᠯᠭᠠᠰᠤᠨ ᠤ ᠨᠢᠭᠡᠨ ᠲᠦᠷᠤᠯ ᠴᠢᠬᠤᠯᠨ ᠠᠵᠢᠯ ᠪᠤᠯᠤᠨ᠎ᠡ᠃ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶ᠎ᠠ ᠡᠷᠭᠡᠪᠰᠢ ᠦᠵᠡᠯ ᠰᠠᠨᠠᠭᠠᠨ ᠤ ᠲᠠᠯ᠎ᠠ ᠪᠡᠷ ᠲᠠᠭᠡᠳᠤ ᠭᠡᠮᠵᠢᠶ᠎ᠠ ᠪᠡᠷ ᠴᠢᠬᠤᠯᠠᠴᠢᠯᠠᠵᠤ᠂《ᠲᠦᠷᠤᠬᠦᠴᠢ ᠭᠠᠯᠠᠭᠤ》᠋ ᠶᠢ ᠤᠨᠤᠪᠴᠢᠳᠠᠢ ᠰᠤᠩᠭᠤᠨ᠂《ᠬᠤᠶᠠᠷ ᠵᠦᠪᠯᠡᠯ》᠋ ᠤᠨ ᠤᠳᠤᠷᠢᠳᠬᠤ ᠪᠠᠭ ᠤᠨ ᠪᠦᠳᠤᠴᠨ ᠶᠢ ᠰᠢᠯᠢᠳᠡᠭᠵᠢᠬᠦᠯᠬᠦ ᠪᠡᠷ ᠭᠤᠤᠯᠳᠠᠯᠭ᠎ᠠ ᠪᠤᠯᠭᠠᠵᠤ᠂ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠢ ᠴᠢᠩᠭ᠎ᠠ ᠪᠤᠳᠠᠳᠠᠢ ᠰᠠᠢᠳᠤᠷ ᠠᠳᠬᠤᠨ᠂ ᠦᠷ᠎ᠠ ᠪᠦᠳᠤᠮᠵᠢ ᠭᠠᠷᠭᠠᠬᠤ ᠭᠡᠷᠡᠭᠳᠡᠢ᠃ ᠬᠤᠭᠤᠴᠠᠭ᠎ᠠ ᠰᠤᠯᠢᠬᠤ ᠲᠠᠰ ᠲᠠᠷᠠᠭᠠᠯᠠᠯ ᠢ ᠴᠢᠩᠳᠠᠯᠠᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠩᠭᠠᠳᠬᠠᠬᠤ ᠭᠡᠷᠡᠭᠳᠡᠢ᠃ ᠬᠤᠭᠤᠴᠠᠭ᠎ᠠ ᠰᠤᠯᠢᠬᠤ ᠠᠵᠢᠯ ᠪᠤᠯ ᠲᠦᠷᠤ ᠶᠢᠨ ᠪᠤᠳᠤᠯᠭᠠᠳᠤ ᠴᠢᠨᠠᠷ᠂ ᠤᠢᠯᠡᠳᠤᠯᠭᠡᠳᠤ ᠴᠢᠨᠠᠷ ᠶᠢᠠᠷ ᠴᠢᠩᠭ᠎ᠠ᠂ ᠬᠠᠤᠯᠢ ᠲᠤᠭᠳᠠᠭᠠᠯ᠂ ᠲᠦᠷᠤ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠤᠮᠳᠠᠬᠢ ᠴᠤᠬᠤᠢᠯᠳᠠ ᠶᠢᠨ ᠴᠢᠨᠠᠷᠳᠠᠢ᠂ ᠭᠡᠯᠪᠡᠢᠬᠦ ᠴᠢᠨᠠᠷᠳᠠᠢ ᠵᠦᠷᠢᠴᠡᠯ ᠢ ᠴᠠᠭ ᠲᠤᠬᠠᠢ ᠳᠤᠨᠢ ᠢᠯᠡᠷᠡᠬᠦᠯᠵᠤ᠂ ᠶᠠᠪᠤᠴᠨ ᠨᠢᠭᠡᠪᠤᠷᠢ᠂ ᠠᠯᠬᠤᠮ ᠨᠢᠭᠡᠪᠤᠷᠢ᠂ ᠭᠤᠭᠴᠤᠭ᠎ᠠ ᠨᠢᠭᠡᠪᠦᠷᠢ ᠶᠢᠨ ᠬᠠᠤᠯᠢ ᠳᠤ ᠨᠡᠢᠴᠡᠬᠦ ᠶᠢ ᠦᠨᠡᠨᠬᠦ ᠪᠠᠳᠤᠯᠠᠨ᠂ ᠬᠠᠬᠤᠤᠯᠢᠳᠤ ᠰᠤᠩᠭᠤᠭᠤᠯᠢ ᠳᠤ ᠡᠷᠡᠰ ᠴᠤᠬᠢᠯᠳᠠ ᠦᠭᠴᠤ᠂ ᠲᠤᠭᠳᠠᠭᠰᠠᠠ ᠬᠤᠭᠤᠴᠠᠭᠠᠨ ᠳᠤ ᠰᠤᠩᠭᠤᠭᠤᠯᠢ ᠶᠢ ᠬᠠᠤᠯᠢ ᠶᠤᠰᠤᠭᠠᠷ ᠡᠮᠬᠢ ᠵᠢᠷᠤᠮ ᠲᠠᠢ ᠪᠠᠶᠠᠯᠡᠬᠦᠯᠬᠦ ᠶᠢ ᠪᠠᠳᠤᠯᠠᠬᠤ ᠭᠡᠷᠡᠭᠳᠡᠢ ᠭᠡᠵᠡᠢ᠃(ᠳ᠋ᠠᠢ ᠰᠢᠶᠦ᠋ᠩ)


ᠡᠮᠦᠨᠡᠬᠢ᠄ ᠡᠤ ᠴᠢᠩ ᠬᠠᠢ ᠪᠠᠶᠠᠷᠳᠤᠬᠤᠰᠢᠭᠤ ᠪᠠᠯᠭᠠᠰᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠰᠢᠮᠳᠠᠭᠤᠯᠤᠨ ᠪᠠᠢᠴᠠᠭᠠᠵᠤ ᠵᠢᠭᠠᠨ ᠵᠢᠯᠤᠭᠤᠳᠪᠠ
ᠳᠠᠷᠠᠭᠠᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠭᠤᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢᠨ ᠵᠤᠬᠢᠶᠠᠨ ᠪᠠᠢᠭᠤᠯᠵᠤ ᠵᠠᠷᠤᠤᠨ ᠬᠤᠰᠢᠭᠤᠨ ᠤ ᠢᠷᠡᠵᠤ ᠠᠵᠢᠯ ᠪᠠᠢᠴᠠᠭᠠᠪᠠ