ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳᠠ ᠶᠢᠨ ᠠᠷᠠᠳ ᠤᠨ ᠲᠦᠯᠤᠭᠡᠯᠡᠭᠴᠢᠳ ᠤᠨ᠁
ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠭᠤᠷᠪᠠᠨ ᠱᠠᠳᠤᠨ ᠤ ᠠᠷᠠᠳ ᠤᠨ ᠲᠦᠯᠤᠭᠡᠯᠡᠭᠴᠢ ᠶᠢᠨ ᠵᠤᠬᠢᠶᠠᠨ ᠪᠠᠢᠭᠤᠯᠵᠤ ᠵᠠᠷᠤᠤᠨ ᠬᠤᠰᠢᠭᠤᠨ ᠤ ᠢᠷᠡᠵᠤ ᠠᠵᠢᠯ ᠪᠠᠢᠴᠠᠭᠠᠪᠠ


        1 ᠰᠠᠷ᠎ᠠ ᠶᠢᠨ13᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠼᠦ᠋ᠢ ᠶᠦᠩ ᠶᠦᠸᠸ ᠬᠤᠳᠠ ᠳᠤ ᠰᠠᠭᠤᠭ᠎ᠠ ᠭᠡᠰᠡᠭ ᠪᠦᠬᠦ ᠤᠯᠤᠰ᠂ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢ ᠲᠠᠭᠠᠭᠤᠯᠤᠨ ᠵᠠᠷᠤᠤᠨ ᠬᠤᠰᠢᠭᠤᠨ ᠳᠤ ᠢᠷᠡᠵᠤ᠂ ᠠᠷᠠᠳ ᠤᠨ ᠠᠮᠢᠳᠤᠷᠠᠯ ᠤᠨ ᠪᠤᠳᠠᠳᠤ ᠲᠦᠷᠤᠯ  ᠵᠤᠢᠯ ᠢ ᠰᠢᠢᠳᠪᠤᠷᠢᠯᠡᠬᠦ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠬᠤ ᠪᠠ ᠠᠵᠤ ᠠᠬᠤᠢ ᠨᠡᠢᠭᠡᠮ ᠤᠨ ᠬᠦᠭᠵᠢᠯᠳᠠ ᠶᠢᠨ ᠠᠵᠢᠯ ᠵᠡᠷᠭᠡ ᠲᠠᠯ᠎ᠠ ᠶᠢ ᠪᠠᠢᠴᠠᠭᠠᠭᠰᠨᠨ ᠪᠦᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠴᠸᠩ ᠫᠸᠩ ᠭᠠᠩ᠂ ᠡᠤ ᠴᠢᠩ ᠬᠠᠢ᠂ ᠪᠠᠳᠤ᠂ ᠡᠤ ᠰᠢᠶᠤᠤ ᠵᠢᠴᠢ ᠬᠤᠰᠢᠭᠤᠨ ᠤ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠨ ᠦᠵᠡᠭᠰᠨᠨ ᠪᠤᠶᠤ ᠰᠠᠭᠤᠳᠠᠯ ᠤᠨ ᠬᠤᠷᠠᠯ ᠳᠤ ᠤᠷᠤᠯᠴᠠᠪᠠ᠃

        


        


        
             ᠠᠷᠠᠳ ᠤᠨ ᠲᠦᠯᠤᠭᠡᠯᠡᠭᠴᠢᠳ ᠤᠷᠢᠳ ᠬᠤᠵᠢᠳ ᠦᠯᠵᠡᠢᠮᠦ᠋ᠷᠡᠨ ᠵᠠᠮ ᠬᠢᠭᠡᠳ 208 ᠮᠤᠵᠢ ᠶᠢᠨ ᠲᠠᠰ ᠤᠨ ᠵᠠᠮ ᠲᠠᠢ ᠵᠠᠯᠭᠠᠨ ᠨᠡᠪᠳᠡᠷᠡᠬᠦᠯᠬᠦ ᠵᠠᠮ ᠱᠤᠭᠤᠮ ᠤᠨ ᠲᠦᠷᠤᠯ ᠵᠤᠢᠯ᠂ ᠵᠠᠷᠤᠤᠨ ᠬᠤᠰᠢᠭᠤᠨ ᠤ ᠮᠤᠩᠭᠤᠯ ᠦᠨᠳᠤᠰᠤᠳᠠᠨ ᠤ ᠲᠤᠷᠰᠢᠯᠳᠠ ᠶᠢᠨ ᠪᠠᠭ᠎ᠠ ᠰᠤᠷᠭᠠᠭᠤᠯᠢ᠂ ᠵᠠᠷᠤᠤᠨ ᠬᠤᠰᠢᠭᠤᠨ ᠤ ᠮᠤ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠶᠢᠨ ᠵᠢᠯ ᠳᠤ 30 ᠲᠦᠮᠨᠨ ᠲᠤᠨ ᠪᠤᠷᠳᠤᠭ᠎ᠠ ᠶᠢᠨ ᠤᠢᠯᠡᠳᠪᠤᠷᠢ ᠶᠢᠨ ᠲᠦᠷᠤᠯ ᠵᠤᠢᠯ ᠪᠠ ᠠᠮᠤᠭᠤᠯᠠᠩ ᠤᠷᠤᠨ ᠰᠠᠭᠤᠴᠨ ᠶᠢᠨ ᠲᠤᠯᠠᠭᠠᠯᠠᠭ᠎ᠠ ᠶᠢᠨ ᠢᠨᠵᠸᠨ᠋ᠸᠷᠢᠩ ᠢ ᠪᠠᠢᠴᠠᠭᠠᠨ ᠦᠵᠡᠪᠡ᠃ ᠲᠤᠬᠠᠢ ᠶᠢᠨ ᠲᠠᠯᠠᠪᠤᠷ ᠲᠤ ᠪᠠᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ ᠭᠡᠯᠪᠡᠷᠢ ᠪᠡᠷ ᠲᠠᠮᠵᠢᠨ᠂ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠲᠦᠷᠤᠯ ᠵᠤᠢᠯ ᠢ ᠪᠠᠶᠠᠯᠡᠬᠦᠯᠦᠭᠰᠨᠨ ᠪᠠᠢᠳᠠᠯ ᠪᠠ ᠭᠤᠤᠯᠳᠠᠯᠭ᠎ᠠ ᠲᠠᠢ ᠠᠵᠢᠯ ᠦᠷᠨᠢᠬᠦᠯᠦᠭᠰᠨᠨ ᠪᠠᠢᠳᠠᠯ ᠢ ᠨᠠᠷᠢᠯᠢᠭ ᠤᠢᠯᠠᠭᠠᠪᠠ᠃

        
            ᠰᠠᠭᠤᠳᠠᠯ ᠤᠨ ᠬᠤᠷᠠᠯ ᠲᠠᠭᠡᠷ᠎ᠠ᠂ ᠵᠠᠷᠤᠤᠨ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ᠂ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ  ᠢ ᠪᠠᠶᠡᠯᠡᠬᠦᠯᠦᠭᠰᠠᠨ ᠪᠠ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠬᠢᠵᠢᠬᠦᠯᠦᠭᠰᠨᠨ ᠬᠠᠮᠢᠶ᠎ᠠ ᠪᠦᠬᠦᠢ ᠪᠠᠢᠳᠠᠯ ᠤᠨ ᠠᠵᠢᠯ ᠤᠨ ᠮᠡᠳᠡᠬᠦᠯᠤᠯᠳᠠ ᠶᠢ ᠰᠤᠨᠤᠰᠪᠠ᠃ ᠬᠤᠷᠠᠯ ᠳᠤ ᠤᠷᠤᠯᠴᠠᠭᠰᠨᠨ ᠲᠦᠯᠤᠭᠡᠯᠡᠭᠴᠢ ᠡᠴᠨ ᠠᠵᠤ ᠠᠬᠤᠢ ᠨᠡᠢᠭᠡᠮ ᠤᠨ ᠬᠦᠭᠵᠢᠯᠳᠠ᠂ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠪᠠᠶᠡᠯᠡᠬᠦᠯᠦᠭᠰᠨᠨ ᠪᠠ ᠲᠤᠮᠳᠠᠳᠤ ᠶᠢᠨ ᠦᠨᠳᠤᠰᠤᠳᠠ ᠤ ᠬᠠᠮᠳᠤ ᠶᠢᠨ ᠴᠤᠭᠴᠨ ᠶᠢᠨ ᠤᠬᠠᠮᠰᠠᠷ ᠤᠨ ᠠᠵᠢᠯ ᠤᠨ ᠲᠤᠭᠤᠷᠢᠨ ᠳᠤ ᠶᠠᠷᠢᠯᠴᠠᠭ᠎ᠠ ᠦᠷᠨᠢᠬᠦᠯᠬᠦ ᠶᠢᠨ ᠬᠠᠮᠳᠤ ᠰᠠᠨᠠᠯ ᠰᠠᠨᠠᠭᠤᠯᠭ᠎ᠠ ᠲᠤᠷᠠᠳᠪᠠ᠃

        
           ᠼᠦ᠋ᠢ ᠶᠦᠩ ᠶᠦᠸᠸ ᠴᠢᠩᠭᠠᠳᠬᠠᠭᠰᠨᠨ ᠨᠢ᠂ ᠤᠯᠤᠰ ᠲᠦᠷᠤ ᠶᠢᠨ ᠵᠤᠭᠰᠤᠴᠨ ᠪᠠᠨ ᠲᠠᠭᠡᠭᠰᠢᠯᠡᠬᠦᠯᠵᠤ᠂ ᠰᠢ ᠵᠢᠨ ᠫᠢᠩ ᠶᠡᠷᠤᠩᠭᠡᠢ ᠱᠦᠵᠢ ᠶᠢᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠨ ᠶᠠᠷᠢᠶ᠎ᠠ᠂ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠢᠷᠢᠯᠠᠭᠤᠯᠤᠯᠳᠠ ᠶᠢ ᠡᠷᠡᠰ ᠭᠤᠢᠪᠢᠰᠢ ᠦᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠢᠬᠤᠯᠨ ᠶᠡᠭᠡ ᠤᠯᠤᠰ ᠲᠦᠷᠤ ᠶᠢᠨ ᠵᠠᠷᠴᠢᠮ ᠲᠠᠭᠡᠷ᠎ᠠ ᠵᠤᠭᠰᠤᠯᠳᠠ ᠪᠠᠨ ᠪᠠᠳᠤᠳᠬᠠᠵᠤ᠂ ᠬᠠᠷᠢᠭᠤᠴᠠᠯᠭ᠎ᠠ ᠡᠬᠦᠷᠭᠡᠯᠡᠡ᠂ ᠨᠠᠮ ᠤᠨ ᠲᠦᠪ ᠬᠤᠷᠢᠶᠠᠨ ᠤ ᠵᠠᠰᠠᠭ ᠤᠨ ᠵᠠᠷᠯᠢᠭ ᠢ ᠰᠠᠭᠠᠳ ᠦᠭᠡᠢ ᠭᠡᠷᠡᠭᠵᠢᠬᠦᠯᠵᠤ᠂ ᠰᠢᠢᠳᠪᠤᠷᠢᠳᠤ ᠪᠤᠳᠤᠯᠭ᠎᠎ᠠ ᠶᠢ ᠪᠤᠳᠠᠳᠠᠢ ᠳᠤ ᠨᠠᠢᠳᠠᠪᠤᠷᠢᠵᠢᠭᠤᠯᠤᠭᠳᠠᠬᠤ ᠶᠢ ᠪᠠᠳᠤᠯᠠᠬᠤ ᠭᠡᠷᠡᠭᠳᠡᠢ᠃ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠬᠢᠵᠢᠬᠦᠯᠬᠦ ᠡᠨᠡᠬᠦ ᠦᠨᠳᠤᠰᠤᠳᠠᠨ ᠤ ᠠᠵᠢᠯ ᠤᠨ ᠭᠤᠤᠯ ᠱᠤᠭᠤᠮ ᠲᠠᠢ ᠨᠢᠭᠳᠠ ᠤᠶᠠᠯᠳᠤᠭᠤᠯᠵᠤ᠂ ᠦᠨᠳᠤᠰᠤᠳᠠᠨ ᠨᠦᠬᠦᠤᠨ ᠤᠨ  ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠪᠡᠷ ᠦᠨᠳᠤᠰᠤᠨ ᠴᠢᠭᠯᠡᠯ ᠪᠤᠯᠭᠠᠨ᠂ ᠦᠨᠳᠤᠰᠤᠳᠠᠨ ᠤ ᠪᠦᠯᠬᠦᠮᠳᠡᠯ ᠤᠨ ᠲᠠᠪᠰᠢᠯᠳᠠ ᠶᠢᠨ ᠬᠦᠮᠤᠵᠢᠯ ᠢ ᠨᠡᠢᠭᠡᠮ ᠤᠨ ᠬᠦᠮᠤᠵᠢᠯ᠂ ᠤᠯᠤᠰ ᠠᠷᠠᠳ ᠤᠨ ᠬᠦᠮᠤᠵᠢᠯ᠂ ᠺᠠᠳ᠋ᠷ ᠤᠨ ᠬᠦᠮᠤᠵᠢᠯ ᠤᠨ ᠪᠦᠬᠦ ᠶᠠᠪᠤᠴᠨ ᠳᠤ ᠤᠷᠤᠭᠤᠯᠬᠤ ᠭᠡᠷᠡᠭᠳᠡᠢ ᠭᠡᠵᠡᠢ᠃

        


        
            ᠼᠦ᠋ᠢ ᠶᠦᠩ ᠶᠦᠸᠸ ᠡᠴᠨ᠂ ᠠᠵᠢᠯ ᠤᠨ ᠡᠷᠴᠢᠮ ᠶᠢᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠯᠠᠭ᠎ᠠ ᠮᠦᠴᠢᠷ ᠤᠨ ᠲᠤᠬᠢᠷᠠᠯᠴᠠᠭ᠎ᠠ ᠶᠢ ᠴᠢᠩᠭᠠᠳᠬᠠᠨ᠂ ᠭᠠᠢᠯᠢ ᠶᠢᠨ ᠢᠷᠡᠯᠳᠠ ᠶᠢᠨ ᠲᠠᠯᠳᠠ ᠬᠦᠴᠤᠨ ᠢ ᠬᠦᠨᠵᠡᠭᠡᠢ ᠠᠭᠤᠳᠠᠯᠵᠤ᠂ ᠬᠤᠶᠠᠳᠤᠭᠠᠷ ᠠᠵᠤ ᠤᠢᠯᠡᠰ ᠤᠨ ᠲᠦᠷᠤᠯ ᠵᠤᠢᠯ ᠢ ᠲᠠᠮᠡᠴᠡᠨ ᠤᠯᠬᠤ ᠪᠠ ᠬᠤᠳᠠᠯᠳᠤᠭᠠᠴᠢᠨ ᠤᠷᠢᠵᠤ ᠪᠠᠯᠨ ᠤᠷᠤᠭᠤᠯᠬᠤ ᠡᠷᠴᠢᠮ ᠶᠢᠠᠨ ᠴᠢᠩᠭᠠᠷᠠᠭᠤᠯᠵᠤ᠂ ᠲᠦᠷᠤᠯ ᠵᠤᠢᠯ ᠤᠨ ᠪᠦᠳᠤᠭᠡᠨ ᠪᠠᠢᠭᠤᠯᠤᠯᠳᠠ ᠶᠢ ᠲᠦᠷᠭᠡᠳᠭᠡᠨ᠂ ᠭᠤᠤᠯᠳᠠᠯᠭ᠎ᠠ ᠲᠠᠢ ᠲᠦᠷᠤᠯ ᠵᠤᠢᠯ ᠤᠨ ᠪᠦᠳᠤᠭᠡᠨ ᠪᠠᠢᠭᠤᠯᠤᠯᠳᠠ ᠶᠢᠨ ᠲᠤᠭᠤᠷᠢᠨ ᠳᠤ᠂ ᠠᠵᠤ ᠠᠬᠤᠢ  ᠶᠢᠨ ᠰᠢᠨ᠎ᠡ ᠨᠡᠮᠡᠭᠳᠡᠯ ᠴᠡᠭ ᠢ ᠴᠢᠷᠮᠠᠢᠨ ᠪᠤᠢ ᠪᠤᠯᠭᠠᠨ᠂ ᠡᠳ᠋ ᠤᠨ ᠵᠠᠰᠠᠭ ᠭᠠᠢᠯᠢ ᠶᠢᠨ ᠤᠷᠤᠯᠭ᠎ᠠ ᠶᠢᠨ ᠠᠷᠭ᠎ᠠ ᠵᠠᠮ ᠢ ᠦᠷᠭᠡᠳᠭᠡᠵᠤ᠂ ᠠᠵᠤ ᠠᠬᠤᠢ ᠨᠡᠢᠭᠡᠮ ᠤᠨ ᠴᠢᠨᠠᠷ ᠰᠠᠢᠳᠠᠢ ᠬᠦᠭᠵᠢᠯᠳᠠ ᠶᠢ ᠠᠬᠢᠭᠤᠯᠬᠤ ᠭᠡᠷᠡᠭᠳᠡᠢ ᠭᠡᠵᠤ ᠱᠠᠭᠠᠷᠳᠠᠪᠠ᠃

        


        
            ᠴᠸᠩ ᠫᠸᠩ ᠭᠠᠩ᠂ ᠡᠤ ᠴᠢᠩ ᠬᠠᠢ᠂ ᠪᠠᠳᠤ ᠵᠡᠷᠭᠡ ᠬᠤᠰᠢᠭᠤᠨ ᠤ ᠤᠳᠤᠷᠢᠳᠤᠯᠭ᠎ᠠ ᠡᠴᠨ ᠲᠠᠷᠠᠭᠠᠴᠢ ᠶᠢᠨ ᠠᠵᠢᠯ ᠲᠤᠮᠳᠠ᠂ ᠵᠠᠷᠤᠤᠨ ᠬᠤᠰᠢᠭᠤ ᠠᠵᠤ ᠠᠬᠤᠢ ᠶᠢᠨ ᠴᠢᠨᠠᠷ ᠰᠠᠢᠳᠠᠢ ᠬᠦᠭᠵᠢᠯᠳᠠ ᠶᠢ ᠢᠮᠠᠭᠳᠠ ᠴᠢᠬᠤᠯᠨ ᠡᠴᠨ ᠴᠢᠬᠤᠯᠨ ᠵᠤᠢᠯ ᠪᠤᠯᠭᠠᠵᠤ᠂ ᠰᠢᠨᠵᠢᠯᠡᠬᠦ ᠮᠡᠷᠭᠡᠵᠢᠯ ᠶᠢᠠᠷ ᠰᠢᠨ᠎ᠡ ᠶᠢ ᠡᠬᠦᠳᠬᠦ ᠶᠢ ᠬᠦᠳᠡᠯᠭᠡᠬᠦ ᠬᠦᠴᠤᠨ ᠪᠤᠯᠭᠠᠬᠤ ᠶᠢ ᠴᠢᠬᠤᠯᠠᠴᠢᠯᠠᠨ ᠴᠢᠩᠭᠠᠳᠬᠠᠵᠤ᠂ ᠠᠵᠤ ᠤᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠲᠠᠪᠰᠢᠬᠦ ᠶᠢ ᠶᠡᠭᠡ ᠬᠦᠴᠤᠨ ᠶᠢᠠᠷ ᠠᠬᠢᠭᠤᠯᠤᠨ᠂ ᠠᠵᠤ ᠤᠢᠯᠡᠰ ᠤᠨ ᠰᠦᠷᠦᠭᠵᠢᠯ ᠤᠨ ᠭᠤᠤᠯᠳᠠᠯᠭ᠎ᠠ ᠲᠠᠢ ᠲᠦᠷᠤᠯ ᠵᠤᠢᠯ ᠤᠨ ᠪᠦᠳᠤᠭᠡᠨ ᠪᠠᠢᠭᠤᠯᠤᠯᠳᠠ ᠶᠢ ᠪᠦᠬᠦ ᠬᠦᠴᠤᠨ ᠶᠢᠠᠷ ᠰᠠᠢᠳᠤᠷ ᠠᠳᠬᠤᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠠ ᠪᠡᠷ ᠠᠬᠢᠭᠤᠯᠤᠨ᠂ ᠠᠮᠢ ᠠᠬᠤᠢ ᠶᠢᠨ ᠰᠢᠰᠲ᠋ᠸᠮ ᠤᠨ ᠬᠠᠮᠠᠭᠠᠯᠠᠯᠳᠠ ᠶᠢ ᠪᠦᠬᠦ ᠲᠠᠯ᠎ᠠ ᠪᠡᠷ ᠴᠢᠩᠭᠠᠳᠬᠠᠵᠤ᠂ ᠦᠭᠡᠷᠡᠴᠢᠯᠡᠯᠳᠠ ᠶᠢ ᠬᠦᠨᠵᠡᠭᠡᠢᠷᠡᠬᠦᠯᠬᠦ ᠪᠡ ᠭᠠᠳᠠᠭᠠᠳᠤ ᠨᠡᠭᠡᠭᠡᠯᠳᠠ ᠶᠢᠨ ᠠᠵᠢᠯ ᠢ ᠲᠠᠰᠤᠷᠠᠯᠳᠠ ᠦᠭᠡᠢ ᠴᠢᠩᠭᠠᠷᠠᠭᠤᠯᠤᠨ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠦᠨᠡᠨᠬᠦ ᠰᠢᠯᠢᠳᠡᠭᠵᠢᠬᠦᠯᠵᠤ᠂ ᠵᠠᠰᠠᠭ ᠤᠨ ᠤᠷᠳᠤᠨ ᠤ ᠡᠯ᠎ᠠ ᠲᠦᠷᠤᠯ ᠤᠨ ᠠᠵᠢᠯ ᠤᠨ ᠰᠢᠨ᠎ᠡ ᠦᠷ᠎ᠠ ᠪᠦᠳᠤᠮᠵᠢ ᠤᠯᠬᠤ ᠶᠢ ᠲᠦᠯᠬᠢᠨ ᠠᠬᠢᠭᠤᠯᠤᠨ᠎ᠡ᠃ ᠬᠠᠮᠳᠤ ᠳ᠋ᠤᠨᠢ᠂ ᠲᠦᠭᠡᠮᠡᠯ ᠬᠠᠷᠠᠭᠠᠯᠵᠠᠯ ᠤᠨ ᠴᠢᠨᠠᠷᠳᠠᠢ᠂ ᠨᠡᠢᠳᠠ ᠶᠢᠨ ᠠᠰᠠᠷᠠᠮᠵᠢ ᠶᠢᠨ ᠴᠢᠨᠠᠷᠳᠠᠢ ᠪᠠ ᠨᠡᠢᠭᠡᠮ ᠤᠨ ᠦᠷ᠎ᠠ ᠠᠰᠢᠭ ᠶᠢᠠᠷ ᠲᠤᠪᠤᠢᠮ᠎ᠡ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠤᠨᠤᠪᠴᠢᠳᠠᠢ ᠨᠠᠷᠢᠯᠢᠭ ᠰᠤᠩᠭᠤᠵᠤ᠂ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠪᠠ ᠬᠢᠨᠠᠨ ᠵᠢᠯᠤᠭᠤᠳᠴᠤ ᠪᠠᠢᠴᠠᠭᠠᠬᠤ ᠪᠠᠨ ᠴᠢᠩᠭᠠᠷᠠᠭᠤᠯᠤᠨ᠂ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠰᠠᠢᠳᠤᠷ ᠬᠢᠵᠤ ᠪᠤᠳᠠᠳᠠᠢᠵᠢᠭᠤᠯᠵᠤ᠂ ᠦᠭᠡᠷᠡᠴᠢᠯᠡᠯᠳᠠ ᠬᠦᠭᠵᠢᠯᠳᠠ ᠶᠢᠨ ᠦᠷ᠎ᠠ ᠪᠦᠳᠤᠭᠡᠯ ᠢ ᠪᠦᠬᠦ ᠬᠤᠰᠢᠭᠤᠨ ᠤ ᠡᠯ᠎ᠠ ᠦᠨᠳᠤᠰᠤᠳᠠᠨ ᠤ ᠠᠷᠠᠳ ᠲᠦᠮᠨᠨ ᠳᠤ ᠬᠦᠷᠳᠡᠭᠡᠬᠦ ᠪᠡᠷ ᠴᠢᠷᠮᠠᠢᠨ᠎ᠡ᠃ ᠡᠯ᠎ᠠ ᠦᠨᠳᠤᠰᠤᠳᠠᠨ ᠤ ᠬᠠᠮᠳᠤ ᠶᠢᠨ ᠤᠶᠤᠨ ᠤᠬᠠᠭᠠᠨ ᠤ ᠭᠡᠷ ᠤᠷᠤᠨ ᠢ ᠪᠦᠳᠤᠭᠡᠨ ᠪᠠᠢᠭᠤᠯᠬᠤ ᠪᠡᠷ ᠪᠠᠢᠯᠳᠤᠬᠤ ᠪᠤᠳᠤᠯᠭ᠎ᠠ ᠶᠢᠨ ᠡᠬᠦᠷᠭᠡ ᠪᠤᠯᠭᠠᠬᠤ ᠶᠢ ᠦᠷᠬᠦᠯᠵᠢᠯᠡᠨ ᠪᠠᠷᠢᠮᠳᠠᠯᠠᠵᠤ᠂ ᠨᠡᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠪᠡᠷ ᠵᠢᠯᠤᠭᠤᠳᠤᠯᠭ᠎ᠠ ᠪᠤᠯᠭᠠᠵᠤ᠂ ᠪᠦᠬᠦ ᠬᠤᠰᠢᠭᠤᠨ ᠤ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠪᠦᠬᠦᠯᠢ ᠴᠤᠭᠴᠨ ᠶᠢᠨ ᠤᠬᠠᠮᠰᠠᠷ ᠤᠨ ᠬᠦᠮᠤᠵᠢᠯ ᠤᠨ ᠲᠦᠯᠤᠪᠯᠡᠭᠡ ᠶᠢ ᠰᠤᠳᠤᠯᠤᠨ ᠲᠤᠭᠳᠠᠭᠠᠵᠤ᠂ ᠤᠬᠠᠭᠤᠯᠤᠨ ᠬᠦᠮᠤᠵᠢᠬᠦᠯᠬᠦ ᠠᠵᠢᠯ ᠢ ᠪᠦᠬᠦ ᠲᠠᠯ᠎ᠠ ᠪᠡᠷ ᠴᠢᠩᠭᠠᠳᠬᠠᠨ᠂ ᠤᠯᠤᠰ ᠭᠡᠷ ᠤᠨ ᠨᠡᠢᠳᠠᠮ ᠭᠡᠷᠡᠭᠯᠡᠬᠦ ᠦᠭᠡ ᠭᠡᠯᠨ ᠦᠰᠦᠭ ᠪᠢᠴᠢᠭ᠌ ᠢ ᠲᠠᠯᠭᠡᠷᠡᠬᠦᠯᠤᠨ ᠲᠦᠭᠡᠮᠡᠯᠵᠢᠬᠦᠯᠬᠦ ᠠᠵᠢᠯ ᠢ ᠯᠠᠪᠳᠠᠭᠤᠨ ᠪᠠᠳᠤᠳᠠᠢ ᠬᠢᠨ᠎ᠡ ᠭᠡᠵᠤ ᠢᠯᠡᠷᠭᠡᠢᠯᠡᠵᠡᠭᠡᠪᠡ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ ᠭᠠᠵᠠᠷ ᠤᠷᠤᠨ ᠤ ᠪᠠᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠠᠵᠢᠯ ᠢ ᠰᠢᠮᠳᠠᠭᠤᠯᠤᠨ ᠪᠠᠢᠴᠠᠭᠠᠵᠤ ᠵᠢᠭᠠᠨ ᠵᠢᠯᠤᠭᠤᠳᠪᠠ
ᠳᠠᠷᠠᠭᠠᠬᠢ᠄ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠪᠠ ᠠᠵᠢ᠍ᠯᠳ᠋ᠠᠳ ᠲᠤ ᠦᠭ‍ᠬᠦᠭ᠍ᠰᠡᠨ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠠᠨᠠᠭᠠᠴᠢ᠍ᠯᠠᠭ᠎ᠠ ᠶᠢᠨ ᠪᠢᠴᠢ᠍ᠭ᠌