ᠤᠳᠤ ᠶᠢᠨ ᠪᠠᠢ᠌ᠷᠢ᠄
ᠴᠢᠬᠤᠯᠠ ᠮᠡᠳᠡᠭᠡ → ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ᠁
ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠪᠠ ᠠᠵᠢ᠍ᠯᠳ᠋ᠠᠳ ᠲᠤ ᠦᠭᠬᠦᠭ᠍ᠰᠡᠨ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠠᠨᠠᠭᠠᠴᠢ᠍ᠯᠠᠭ᠎ᠠ ᠶᠢᠨ ᠪᠢᠴᠢ᠍ᠭ᠌
ᠤᠳ᠋ᠤᠬᠠᠨ ᠳ᠋ᠦ᠂ ᠤᠯᠤᠰ ᠤᠨ ᠲᠤᠲᠤᠭᠠᠳ᠋ᠤ ᠶᠢᠨ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢ᠍ᠯ ᠤᠨ ᠪᠠᠢ᠌ᠳ᠋ᠠᠯ ᠮᠦ᠋ᠨ ᠬᠦ ᠬᠦᠨᠳ᠋ᠦ ᠭᠡᠴᠡᠬᠦᠤ ᠪᠠᠢ᠌ᠵᠦ᠂ ᠵᠠᠩᠬᠢᠯᠠᠭ᠎ᠠ ᠶᠢᠨ ᠬᠤᠭᠤᠴᠠᠭᠠᠨ ᠳ᠋ᠦ ᠤᠷᠤᠪᠠ᠃ ᠲᠦ᠋ᠪ ᠬᠤᠷᠢ᠍ᠶ᠎ᠠ ᠪᠤᠯᠤᠨ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢ᠍ᠶ᠎ᠠ᠂ ᠬᠤᠳ᠋ᠠ ᠶᠢᠨ ᠨᠠᠮ ᠤᠨ ᠬᠤᠷᠢ᠍ᠶ᠎ᠠ᠂ ᠬᠤᠰᠢ᠍ᠭᠤᠨ ᠤ ᠨᠠᠮ ᠤᠨ ᠬᠤᠷᠢ᠍ᠶᠠᠨ ᠤ ᠡᠯ᠎ᠠ ᠠᠵᠢ᠍ᠯ ᠤᠨ ᠱᠠᠭᠠᠷᠳ᠋ᠠᠯᠭ᠎ᠠ ᠶᠢ ᠦᠨᠡᠨᠬᠦ ᠲᠤᠭᠤᠰᠢ᠍ᠯᠠᠭᠤᠯᠵᠤ᠂ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠪᠤᠯᠤᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠠᠵᠢ᠍ᠯᠳ᠋ᠠᠨ ᠤ ᠲᠤᠰ ᠲᠤᠰ ᠦᠨ ᠠᠵᠢ᠍ᠯ ᠤᠨ ᠪᠠᠢ᠌ᠷᠢ ᠶᠢᠨ ᠵᠢᠱᠢ᠍ᠶᠡᠴᠢ ᠳᠠᠭᠠᠭᠤᠯᠤᠭᠴᠢ ᠦᠢ᠍ᠯᠡᠳ᠋ᠦᠯ ᠢ ᠭᠦᠢ᠍ᠴᠡᠳ ᠪᠠᠳ᠋ᠠᠷᠠᠭᠤᠯᠵᠤ᠂ ᠰᠢ᠍ᠨ᠎ᠠ ᠲᠢ᠍ᠲᠢ᠍ᠮᠯᠢ᠍ᠭ᠌ ᠠᠭᠤᠰᠬᠢᠨ ᠦᠷᠪᠢᠰᠦᠯ ᠦᠨ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢ᠍ᠯ ᠢ ᠡᠷᠡᠰ ᠰᠠᠢ᠌ᠳ᠋ᠤᠷ ᠬᠢᠬᠦ ᠶᠢᠨ ᠲᠦ᠋ᠯᠦᠭᠡ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠡᠴᠨ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠵᠢᠴᠢ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠠᠵᠢ᠍ᠯᠳ᠋ᠠᠳ ᠲᠤ ᠤᠨᠴᠠᠭᠠᠢ᠌ᠯᠠᠨ ᠲᠤᠤᠷᠠᠬᠢ ᠮᠡᠲᠦ ᠰᠠᠨᠠᠭᠠᠴᠢ᠍ᠯᠠᠭ᠎ᠠ ᠭᠠᠷᠭᠠᠪᠠ ᠄
ᠨᠢ᠍ᠭᠡ ᠳ᠋ᠦ᠂ ᠡᠷᠬᠡᠪᠰᠢ ᠠᠷᠠᠳ ᠤᠨ ᠲᠦ᠋ᠯᠤᠭᠡᠯᠡᠭ᠍ᠴᠢ ᠶᠢᠨ ᠦᠢ᠍ᠯᠡᠳ᠋ᠦᠯ ᠢ ᠪᠠᠳ᠋ᠠᠷᠠᠭᠤᠯᠤᠨ᠂ ᠵᠢᠱᠢ᠍ᠶ᠎ᠠ ᠦᠵᠡᠭᠦᠯᠵᠦ ᠬᠦᠲᠦᠯᠦᠨ ᠳᠠᠭᠠᠭᠤᠯᠬᠤ ᠶᠢ ᠰᠠᠢ᠌ᠳ᠋ᠤᠷ ᠬᠢᠬᠦ ᠬᠡᠷᠡᠭ᠍ᠲᠡᠢ᠃ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠬᠠᠮᠢ᠍ᠶ᠎ᠠ ᠪᠦᠬᠦᠢ ᠬᠠᠤᠯᠢ ᠴᠠᠭᠠᠵᠠ ᠬᠠᠤᠯᠢ ᠲᠦ᠋ᠷᠢ᠍ᠮ ᠪᠠ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠵᠤᠢ᠌ᠯ ᠦᠨ ᠠᠷᠭ᠎ᠠ ᠠᠪᠴᠠᠯ ᠤᠨ ᠱᠠᠭᠠᠷᠳ᠋ᠠᠯᠭ᠎ᠠ ᠶᠢ ᠡᠷᠬᠡᠪᠰᠢ ᠲᠦ᠋ᠷᠦᠭᠦᠯᠡᠨ ᠴᠢ᠍ᠩᠭ᠎ᠠ ᠵᠢᠷᠤᠮᠯᠡᠵᠤ᠂ ᠭᠠᠳ᠋ᠠᠭᠰᠢ ᠭᠠᠷᠴᠤ ᠤᠯᠠᠨ ᠨᠡᠢ᠌ᠲᠡ ᠶᠢᠨ ᠵᠠᠮ ᠬᠠᠷᠢ᠍ᠯᠴᠠᠭᠠᠨ ᠤ ᠪᠠᠭᠠᠵᠢ ᠬᠡᠷᠡᠭ᠍ᠰᠡᠯ ᠳ᠋ᠦ ᠰᠠᠭᠤᠬᠤ ᠪᠤᠶᠤ ᠠᠷᠠᠯᠵᠢ᠍ᠶ᠎ᠠ ᠬᠤᠳ᠋ᠠᠯᠳ᠋ᠤᠭᠠᠨ ᠤ ᠲᠠᠯᠠᠪᠠᠢ᠂ ᠪᠠᠩᠬᠢ ᠵᠡᠷᠭᠡ ᠤᠯᠠᠨ ᠬᠦᠮᠤᠨ ᠬᠠᠷ᠎ᠠ ᠴᠤᠭᠯᠠᠷᠠᠬᠤ ᠲᠠᠯᠠᠪᠤᠷ ᠲᠤ ᠤᠴᠢ᠍ᠬᠤ ᠳ᠋ᠦ ᠪᠠᠨ ᠡᠷᠬᠡᠪᠰᠢ ᠪᠦᠬᠦ ᠶᠠᠪᠤᠴᠠ ᠳ᠋ᠦ ᠠᠮᠠᠪᠴᠢ ᠵᠡᠬᠦᠬᠦ ᠬᠡᠷᠡᠭ᠍ᠲᠡᠢ᠃ ᠴᠠᠭᠠᠨ ᠰᠠᠷ᠎ᠠ ᠶᠢᠨ ᠬᠤᠭᠤᠴᠠᠭᠠᠨ ᠳ᠋ᠦ᠂ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠪᠤᠯᠤᠨ ᠠᠵᠢ᠍ᠯᠳ᠋ᠠᠳ ᠵᠢᠴᠢ ᠭᠡᠷ ᠪᠦᠯᠢ ᠶᠢᠨ ᠬᠢᠨ ᠠᠯᠢ ᠴᠢ᠍ᠳ᠋ᠠᠬᠤ ᠪᠡᠷ ᠲᠤᠬᠠᠢ ᠶᠢᠨ ᠭᠠᠵᠠᠷ ᠲᠤ ᠪᠠᠨ ᠪᠠᠶᠠᠷ ᠤᠨ ᠡᠳ᠋ᠦᠷ ᠵᠢᠠᠨ ᠪᠡᠯᠭᠡᠯᠡᠬᠦ ᠶᠢᠨ ᠬᠠᠮᠳ᠋ᠤ᠂ ᠭᠠᠳ᠋ᠠᠨ᠎ᠠ ᠤᠷᠤᠨ ᠤ ᠲᠦ᠋ᠷᠦᠯ ᠰᠠᠳ᠋ᠤᠨ ᠨᠠᠢ᠌ᠵᠠ ᠨᠦ᠋ᠬᠦᠳ ᠵᠢᠠᠨ ᠳᠠᠢ᠌ᠴᠢ᠍ᠯᠠᠵᠤ ᠂《ᠤᠨᠴᠠᠭᠠᠢ ᠤᠴᠢ᠍ᠷ ᠦᠭᠡᠶ ᠪᠤᠯ ᠨᠤᠲᠤᠭ ᠲᠤ ᠪᠠᠨ ᠪᠤᠴᠠᠬᠤ ᠦᠭᠡᠶ》ᠵᠢ ᠰᠠᠨᠠᠭᠠᠴᠢ᠍ᠯᠠᠵᠤ ᠪᠠᠢ᠌ᠨ᠎ᠠ᠃ ᠬᠢᠯᠢ ᠶᠢᠨ ᠭᠠᠳ᠋ᠠᠨᠠᠬᠢ ᠡᠳ᠋ ᠪᠤᠳ᠋ᠠᠰ ᠢ ᠰᠦ᠋ᠯᠵᠢ᠍ᠶ᠎ᠠ ᠲᠠᠭᠡᠷ᠎ᠠ ᠡᠴᠨ ᠬᠤᠳ᠋ᠠᠯᠳ᠋ᠤᠨ ᠠᠪᠬᠤ ᠦᠭᠡᠶ ᠪᠠᠢ᠌ᠬᠤ ᠶᠢ ᠰᠠᠨᠠᠭᠠᠴᠢ᠍ᠯᠠᠨᠠ᠃ ᠬᠦᠯᠳ᠋ᠡᠭᠡᠭ᠍ᠰᠡᠨ ᠢᠳ᠋ᠡᠭᠡᠨ᠂ ᠳᠠᠯᠠᠢ ᠶᠢᠨ ᠢᠳ᠋ᠡᠭᠡᠨ ᠵᠡᠷᠭᠡ ᠶᠢ ᠬᠤᠳ᠋ᠠᠯᠳ᠋ᠤᠨ ᠠᠪᠬᠤ ᠳ᠋ᠦ ᠰᠠᠨᠠᠭᠠᠴᠢ᠍ᠯᠠᠭ᠎ᠠ ᠡᠴᠨ ᠪᠠᠨ ᠬᠦᠮᠦᠨ᠂ ᠪᠠᠷᠠᠭ᠎ᠠ ᠪᠠ ᠤᠷᠴᠢ᠍ᠨ ᠲᠤᠭᠤᠷᠢ᠍ᠨ ᠤ ᠪᠦᠭᠡᠮ ᠬᠦᠴᠢ᠍ᠯ ᠤᠨ ᠰᠢ᠍ᠯᠭᠠᠨ ᠪᠠᠢ᠌ᠴᠠᠭᠠᠯᠲᠠ ᠶᠢᠨ ᠦᠷ᠎ᠠ ᠳ᠋ᠦ᠋ᠩ ᠢ ᠠᠪᠤᠨ᠎ᠠ᠃ ᠪᠡᠶ᠎ᠠ ᠮᠠᠬᠠᠪᠤᠳ ᠤᠨ ᠪᠤᠯᠪᠠᠰᠤᠷᠠᠯ ᠢ ᠴᠢ᠍ᠩᠭ᠋ᠠᠳᠬᠠᠨ᠂ ᠢᠳ᠋ᠡᠭᠡᠨ ᠤᠮᠳ᠋ᠠᠭᠠᠨ ᠤ ᠠᠮᠤᠷ ᠲᠦ᠋ᠪᠰᠢ᠍ᠨ ᠢ ᠠᠩᠬᠠᠷᠴᠤ᠂ ᠰᠢ᠍ᠨᠵᠢ᠍ᠯᠡᠬᠦ ᠤᠬᠠᠭᠠᠨᠴᠢ ᠪᠠᠷ ᠠᠵᠢ᠍ᠯᠯᠠᠵᠤ ᠠᠮᠠᠷᠠᠵᠤ᠂ ᠲᠤᠰ ᠪᠡᠶ᠎ᠠ ᠶᠢᠨ ᠡᠪᠡᠳᠴᠢ᠍ᠨ ᠢ ᠡᠰᠡᠷᠭᠦᠴᠡᠬᠦ ᠴᠢ᠍ᠳ᠋ᠠᠪᠤᠷᠢ ᠪᠠᠨ ᠳᠡᠭᠡᠭ᠍ᠰᠢ᠍ᠯᠡᠬᠦᠯᠬᠦ ᠬᠡᠷᠡᠭ᠍ᠲᠡᠢ᠃ ᠰᠠᠢ᠌ᠨ ᠰᠠᠢ᠌ᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠤᠢ ᠪᠤᠯᠭᠠᠵᠤ᠂ ᠭᠠᠳ᠋ᠠᠭᠰᠢ ᠭᠠᠷᠬᠤ ᠳ᠋ᠦ ᠪᠠᠨ ᠠᠮᠠᠪᠴᠢ ᠵᠡᠭᠦᠵᠦ᠂ ᠦᠷᠬᠦᠯᠵᠢ ᠭᠠᠷ ᠶᠢᠡᠨ ᠤᠬᠢᠶᠠᠵᠤ᠂ ᠰᠠᠯᠬᠢ ᠨᠡᠪᠲᠡᠷᠡᠭᠦᠯᠬᠦ ᠬᠡᠷᠡᠭ᠍ᠲᠡᠢ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢ᠍ᠨ ᠦ ᠪᠠᠢ᠌ᠳ᠋ᠠᠯ ᠢᠯᠡᠷᠡᠪᠡᠯ᠂ ᠪᠦᠬᠦ ᠶᠠᠪᠤᠴᠠ ᠳ᠋ᠦ ᠠᠮᠠᠪᠴᠢ ᠵᠡᠬᠦᠬᠦ ᠶᠢᠨ ᠬᠠᠮᠳ᠋ᠤ᠂ ᠤᠢ᠌ᠷ᠎ᠠ ᠬᠠᠪᠢ ᠶᠢᠨ ᠬᠠᠯᠠᠭᠤᠷᠠᠬᠤ ᠶᠢ ᠤᠨᠤᠰᠢ᠍ᠯᠠᠵᠤ ᠵᠠᠰᠠᠬᠤ ᠡᠭᠦᠳ᠋ᠡᠨ ᠡᠮᠨᠡᠯᠭᠡ ᠳ᠋ᠦ ᠬᠦᠷᠴᠦ ᠡᠮᠨᠡᠬᠦᠯᠬᠦ ᠬᠡᠷᠡᠭ᠍ᠲᠡᠢ᠃ ᠤᠨᠴᠠᠭᠠᠢ᠌ᠯᠠᠨ ᠭᠠᠳ᠋ᠠᠨ᠎ᠠ ᠭᠠᠵᠠᠷ ᠡᠴᠨ ᠬᠠᠷᠢ᠍ᠵᠤ ᠢᠷᠡᠭ᠍ᠰᠡᠨ ᠪᠤᠶᠤ ᠠᠵᠢ᠍ᠯᠯᠠᠵᠤ ᠪᠠᠢ᠌ᠭ᠎ᠠ ᠠᠷᠠᠳ ᠤᠨ ᠲᠦ᠋ᠯᠤᠭᠡᠯᠡᠭ᠍ᠴᠢ ᠡᠷᠬᠡᠪᠰᠢ ᠦᠪᠡᠷ ᠤᠨ ᠪᠡᠶ᠎ᠠ ᠵᠢᠴᠢ ᠭᠡᠷ ᠤᠨ ᠬᠦᠮᠦᠰ ᠦᠨ ᠵᠢᠠᠨ ᠰᠡᠷᠭᠡᠢ᠌ᠯᠡᠨ ᠬᠠᠮᠠᠭᠠᠯᠠᠬᠤ ᠠᠵᠢ᠍ᠯ ᠢ ᠤᠨᠴᠠᠭᠠᠢ ᠠᠩᠬᠠᠷᠴᠤ᠂ ᠦᠪᠡᠷ ᠤᠨ ᠪᠡᠶ᠎ᠠ ᠳᠡᠭᠡᠨ ᠬᠠᠷᠢ᠍ᠭᠤᠴᠠᠬᠤ᠂ ᠭᠡᠷ ᠪᠦᠯᠢ ᠳᠡᠭᠡᠨ ᠬᠠᠷᠢ᠍ᠭᠤᠴᠠᠬᠤ᠂ ᠪᠤᠰᠤᠳ ᠲᠣ ᠬᠠᠷᠢ᠍ᠭᠤᠴᠠᠬᠤ ᠪᠠ ᠨᠡᠢ᠌ᠭᠡᠮ ᠨᠡᠢ᠌ᠲᠡ ᠳ᠋ᠦ ᠬᠠᠷᠢ᠍ᠭᠤᠴᠠᠬᠤ ᠬᠡᠷᠡᠭ᠍ᠲᠡᠢ᠃
ᠬᠤᠶᠠᠷ ᠲᠤ᠂ ᠡᠷᠬᠡᠪᠰᠢ ᠤᠬᠠᠭᠤᠯᠭ᠎ᠠ ᠪᠠᠷ ᠬᠦᠳ᠋ᠤᠯᠤᠨ ᠳᠠᠭᠠᠭᠤᠯᠬᠤ ᠶᠢ ᠴᠢ᠍ᠩᠭ᠋ᠠᠳᠬᠠᠵᠤ᠂ ᠰᠡᠷᠭᠡᠢ᠌ᠯᠡᠯᠲᠡ ᠶᠢᠨ ᠱᠤᠭᠤᠮ ᠢ ᠪᠡᠬᠢᠵᠢ᠍ᠬᠦᠯᠬᠦ ᠬᠡᠷᠡᠭ᠍ᠲᠡᠢ᠃ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠪᠤᠯᠤᠨ ᠠᠵᠢ᠍ᠯᠳ᠋ᠠᠳ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠶᠢ ᠤᠳ᠋ᠤᠬᠠᠨ ᠤ ᠴᠢ᠍ᠬᠤᠯᠠ ᠶᠡᠭᠡ ᠤᠯᠤᠰ ᠲᠦ᠋ᠷᠦ ᠶᠢᠨ ᠡᠭᠦᠷᠭᠡ ᠪᠤᠯᠭᠠᠵᠤ ᠂《ᠠᠷᠠᠳ ᠲᠦ᠋ᠮᠡᠨ ᠦ ᠠᠰᠢ᠍ᠭ ᠲᠤᠰᠠ ᠠᠯᠢ᠍ᠪᠠ ᠡᠴᠨ ᠡᠷᠬᠢᠮ 》ᠭᠡᠳ᠋ᠡᠭ᠌ ᠢ ᠢᠮᠠᠭᠲᠠ ᠪᠠᠳ᠋ᠦ ᠴᠡᠭᠡᠵᠢ᠍ᠯᠡᠵᠦ᠂ ᠰᠠᠭᠤᠵᠤ ᠪᠠᠢ᠌ᠭ᠎ᠠ ᠪᠠᠢ᠌ᠭᠤᠯᠭ᠎ᠠ᠂ ᠭᠠᠴᠠᠭ᠎ᠠ ᠲᠤᠰᠬᠤᠨ᠂ ᠵᠡᠭᠡᠯᠢ ᠭᠤᠳ᠋ᠤᠮᠵᠢ᠂ ᠨᠡᠢ᠌ᠭᠡᠮ ᠲᠤᠭᠤᠷᠢ᠍ᠭ᠂ ᠠᠵᠤ ᠠᠬᠤᠢ᠌ᠯᠠᠯ ᠤᠨ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢ᠍ᠯ ᠢ ᠪᠦᠬᠦ ᠬᠦᠴᠦᠨ ᠶᠢᠡᠷ ᠶᠢᠡᠨ ᠲᠡᠮᠵᠢ᠍ᠵᠦ᠂ ᠢᠳ᠋ᠡᠪᠬᠢᠳ᠋ᠡᠢ ᠤᠷᠤᠯᠴᠠᠨ᠂ ᠤᠯᠠᠨ ᠲᠦ᠋ᠮᠡᠨ ᠳ᠋ᠦ ᠰᠡᠷᠭᠡᠢ᠌ᠯᠡᠨ ᠵᠠᠰᠠᠬᠤ ᠮᠡᠳ᠋ᠡᠭᠡ ᠵᠠᠩᠬᠢ ᠪᠠ ᠮᠡᠳ᠋ᠡᠯᠭᠡ ᠶᠢ ᠲᠦ᠋ᠭᠡᠮᠡᠯᠵᠢ᠍ᠭᠦᠯᠦᠨ ᠤᠬᠠᠭᠤᠯᠵᠤ᠂ ᠤᠯᠠᠨ ᠲᠦ᠋ᠮᠡᠨ ᠦ ᠵᠦ᠋ᠪ ᠶᠢᠡᠷ ᠤᠢ᠌ᠯᠠᠭᠠᠬᠤ᠂ ᠢᠳ᠋ᠡᠪᠬᠢᠲᠡᠢ ᠬᠠᠮᠵᠢ᠍ᠯᠴᠠᠬᠤ᠂ ᠰᠢ᠍ᠨᠵᠢ᠍ᠯᠡᠬᠦ ᠤᠬᠠᠭᠠᠨᠴᠢ ᠪᠡᠷ ᠰᠡᠷᠭᠡᠢ᠌ᠯᠡᠨ ᠡᠵᠡᠮᠳ᠋ᠡᠬᠦ ᠶᠢ ᠬᠦᠲᠦᠯᠦᠨ ᠵᠢᠯᠤᠭᠤᠳᠬᠤ ᠬᠡᠷᠡᠭ᠍ᠲᠡᠢ᠃ ᠡᠷᠬᠡᠪᠰᠢ ᠡᠯ᠎ᠠ ᠲᠦ᠋ᠷᠤᠯ ᠦᠨ ᠴᠤᠤᠷᠬᠠᠯ ᠪᠤᠯᠤᠨ ᠡᠷᠡᠭᠦᠯ ᠪᠤᠰᠤ ᠮᠡᠳ᠋ᠡᠭᠡ ᠵᠠᠩᠬᠢ ᠶᠢ ᠡᠷᠡᠰ ᠬᠤᠷᠢ᠍ᠭᠯᠠᠵᠤ᠂ ᠤᠯᠠᠨ ᠲᠦ᠋ᠮᠡᠨ ᠢ ᠬᠦᠳ᠋ᠦᠯᠦᠨ ᠵᠢᠯᠤᠭᠤᠳᠴᠤ ᠪᠠᠢ᠌ᠭᠠᠳ ᠡᠯ᠎ᠠ ᠲᠦ᠋ᠷᠤᠯ ᠦᠨ ᠮᠡᠳ᠋ᠡᠭᠡ ᠵᠠᠩᠬᠢ ᠶᠢ ᠨᠠᠷᠢ᠍ᠨ ᠬᠢᠨᠠᠮᠠᠭᠠᠢ ᠢᠯᠭᠠᠨ ᠲᠤᠳ᠋ᠤᠯᠠᠵᠦ᠂ ᠲᠦ᠋ᠷᠦᠭᠦᠯᠡᠨ ᠪᠤᠳ᠋ᠠᠳ᠋ᠤ ᠭᠡᠷᠡᠭ᠌ ᠢ ᠶᠠᠷᠢ᠍ᠵᠤ᠂ ᠦᠨᠡᠨ ᠪᠠᠢ᠌ᠳ᠋ᠠᠯ ᠢ ᠤᠢ᠌ᠯᠠᠭᠠᠬᠤ ᠭᠡᠷᠡᠭ᠍ᠳ᠋ᠡᠢ᠂ ᠸᠸᠴᠠᠲ᠂ ᠲᠢ᠍ᠺ ᠲᠤᠺ ᠵᠡᠷᠭᠡ ᠰᠦ᠋ᠯᠵᠢ᠍ᠶ᠎ᠠ ᠵᠠᠭᠤᠴᠢ᠍ᠯᠠᠭᠤᠷ ᠳᠡᠭᠡᠷ᠎ᠠ ᠬᠤᠳ᠋ᠠᠯ ᠬᠠᠭᠤᠷᠮᠠᠭ ᠮᠡᠳ᠋ᠡᠭᠡ ᠵᠠᠩᠬᠢ ᠨᠡᠢ᠌ᠳ᠋ᠠᠯᠡᠵᠤ ᠪᠤᠯᠬᠤ ᠦᠭᠡᠶ᠂ ᠴᠤᠤᠷᠬᠠᠯ ᠲᠠᠷᠬᠠᠭᠠᠬᠤ ᠦᠭᠡᠶ᠂ ᠴᠤᠤᠷᠬᠠᠯ ᠢ ᠢᠳ᠋ᠡᠭᠡᠬᠦ ᠦᠭᠡᠶ ᠪᠠᠢ᠌ᠬᠤ ᠶᠢ ᠦᠨᠡᠨᠬᠦ ᠪᠡᠶᠡᠯᠡᠬᠦᠯᠦᠨ᠂ ᠪᠤᠳ᠋ᠠᠳ᠋ᠤ ᠠᠵᠢ᠍ᠯᠯᠠᠭ᠎ᠠ ᠪᠡᠷ ᠶᠢᠡᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠲᠦ᠋ᠯᠤᠭᠡᠯᠡᠭ᠍ᠴᠢ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠪᠦᠬᠦ ᠬᠤᠰᠢ᠍ᠭᠤᠨ ᠤ ᠬᠢᠵᠢ᠍ᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢ᠍ᠯ ᠳ᠋ᠦ ᠬᠦᠴᠦᠨ ᠨᠡᠮᠡᠷᠢ᠍ᠯᠡᠬᠦ ᠭᠡᠷᠡᠭ᠍ᠳ᠋ᠡᠢ᠃
ᠭᠤᠷᠪᠠ ᠳ᠋ᠦ᠂ ᠤᠭ ᠰᠠᠨᠠᠭ᠎ᠠ ᠡᠭᠦᠷᠭᠡ ᠬᠠᠷᠢ᠍ᠭᠤᠴᠠᠯᠭ᠎ᠠ ᠪᠠᠨ ᠦᠢ᠍ᠯᠡᠳ᠋ᠦᠯᠭᠡᠵᠢ᠍ᠭᠦᠯᠵᠦ᠂ ᠲᠦ᠋ᠯᠦᠭᠡᠯᠡᠭ᠍ᠴᠢ ᠶᠢᠨ ᠡᠭᠦᠷᠭᠡ ᠬᠠᠷᠢ᠍ᠭᠤᠴᠠᠯᠭ᠎ᠠ ᠪᠠᠨ ᠭᠦᠢ᠍ᠴᠡᠳᠬᠡᠬᠦ ᠬᠡᠷᠡᠭ᠍ᠲᠡᠢ᠃ ᠪᠦᠬᠦ ᠬᠤᠰᠢ᠍ᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠲᠦ᠋ᠯᠤᠭᠡᠯᠡᠭ᠍ᠴᠢ《ᠠᠷᠠᠳ ᠲᠦ᠋ᠮᠡᠨ ᠨᠠᠮ᠎ᠠ ᠶᠢ ᠲᠦ᠋ᠯᠦᠭᠡᠯᠡᠭ᠍ᠴᠢ ᠪᠡᠷ ᠰᠤᠩᠭ᠋ᠤᠵᠦ᠂ ᠪᠢᠳ᠋ᠡ ᠠᠷᠠᠳ ᠲᠦ᠋ᠮᠡᠨ ᠦ ᠲᠦ᠋ᠯᠦᠭᠡ ᠵᠢᠳᠬᠦᠬᠦ 》ᠤᠭ ᠰᠠᠨᠠᠭ᠎ᠠ ᠡᠭᠦᠷᠭᠡ ᠬᠠᠷᠢ᠍ᠭᠤᠴᠠᠯᠭ᠎ᠠ ᠪᠠᠨ ᠪᠠᠳ᠋ᠦ ᠴᠡᠭᠡᠵᠢ᠍ᠯᠡᠵᠦ᠂ ᠬᠤᠪᠢ ᠪᠡᠶ᠎ᠠ ᠶᠢᠨ ᠠᠵᠢ᠍ᠯ ᠤᠨ ᠪᠠᠢ᠌ᠷᠢ ᠳ᠋ᠦ ᠪᠠᠨ ᠰᠠᠭᠤᠷᠢ᠍ᠯᠠᠨ᠂ ᠳᠠᠷᠤᠢ ᠲᠦ᠋ᠷᠭᠡᠨ ᠬᠦᠳ᠋ᠡᠯᠦᠯᠴᠡᠵᠦ᠂ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠵᠦ᠋ᠢ᠍ᠯ ᠊ᠤᠨ ᠠᠵᠢ᠍ᠯ ᠢ ᠰᠠᠨᠠᠭᠠᠴᠢ᠍ᠯᠠᠭ᠎ᠠ ᠡᠴᠨ ᠪᠠᠨ ᠬᠠᠮᠵᠢ᠍ᠯᠴᠠᠨ ᠰᠠᠢ᠌ᠳ᠋ᠤᠷ ᠬᠢᠬᠦ ᠬᠡᠷᠡᠭ᠍ᠲᠡᠢ᠃ ᠠᠵᠢ᠍ᠯ ᠲᠦ᠋ᠷᠦᠯ ᠦᠨ ᠳᠠᠪᠠᠭᠤᠯᠢ᠍ᠭ᠂ ᠡᠭᠦᠷᠭᠡ ᠬᠠᠷᠢ᠍ᠭᠤᠴᠠᠯᠭ᠎ᠠ ᠶᠢᠨ ᠳᠠᠪᠠᠭᠤᠯᠢ᠍ᠭ ᠢ ᠢᠳ᠋ᠡᠪᠬᠢᠲᠡᠢ ᠪᠠᠳ᠋ᠠᠷᠠᠭᠤᠯᠵᠤ᠂ ᠬᠠᠭᠤᠷᠮᠠᠭ ᠮᠠᠭᠤ ᠦᠢ᠍ᠯᠡᠳᠬᠦᠨ ᠦᠢ᠍ᠯᠡᠳᠴᠦ ᠪᠤᠷᠤᠯᠠᠭᠤᠯᠬᠤ᠂ ᠬᠤᠷᠠᠮᠳ᠋ᠤᠭᠤᠯᠤᠨ ᠳᠠᠷᠤᠵᠤ ᠬᠤᠨᠵᠢ᠍ᠨ ᠵᠠᠪᠰᠢ᠍ᠬᠤ᠂ ᠪᠠᠷᠠᠭᠠᠨ ᠤ ᠦᠨ᠎ᠠ ᠶᠢ ᠲᠤᠷᠠᠪᠠᠷ ᠦᠰᠭᠡᠬᠦ᠂ ᠠᠰᠢ᠍ᠭ ᠬᠤᠨᠵᠢ᠍ᠬᠤ ᠵᠡᠷᠭᠡ ᠵᠠᠬ᠎ᠠ ᠳᠡᠯᠭᠡᠭᠦᠷ ᠦᠨ ᠡᠮᠬᠢ ᠵᠢᠷᠦᠮ ᠊ᠢ ᠰᠠᠮᠠᠭᠤᠷᠠᠭᠤᠯᠬᠤ ᠠᠵᠢ᠍ᠯᠯᠠᠭ᠎ᠠ ᠶᠢ ᠲᠦ᠋ᠷᠦᠭᠦᠯᠡᠨ ᠬᠤᠷᠢ᠍ᠭᠯᠠᠬᠤ ᠬᠡᠷᠡᠭ᠍ᠲᠡᠢ᠃ ᠦᠨᠳ᠋ᠦᠰᠦᠨ ᠱᠠᠲᠤᠨ ᠤ ᠡᠮᠤᠨ᠎ᠠ ᠹᠷᠤᠨᠲ ᠲᠤ ᠠᠵᠢ᠍ᠯᠯᠠᠵᠤ᠂ ᠤᠯᠠᠨ ᠲᠦ᠋ᠮᠡᠨ ᠲᠡᠶ ᠨᠢ᠍ᠭᠲᠠ ᠬᠠᠷᠢ᠍ᠯᠴᠠᠬᠤ ᠳᠠᠪᠠᠭᠤᠯᠢ᠍ᠭ ᠶᠢᠡᠨ ᠭᠦᠢ᠍ᠴᠡᠳ ᠪᠠᠳ᠋ᠠᠷᠠᠭᠤᠯᠤᠨ᠂ ᠤᠯᠠᠨ ᠲᠦ᠋ᠮᠡᠨ ᠦ ᠠᠶᠤᠵᠤ ᠡᠮᠢ᠍ᠶᠡᠬᠦ ᠰᠡᠳᠬᠢᠯᠭᠡ ᠶᠢ ᠠᠷᠢ᠍ᠯᠭᠠᠵᠤ᠂ ᠤᠷᠮ᠎ᠠ ᠰᠡᠳᠬᠢᠯᠭᠡ ᠶᠢ ᠨᠢ ᠲᠤᠭᠲᠠᠪᠤᠷᠢ᠍ᠵᠢ᠍ᠭᠤᠯᠤᠨ᠂ ᠬᠦᠮᠦᠰ ᠦᠨ ᠰᠡᠳᠬᠢᠯ ᠢ ᠨᠢ᠍ᠭᠲᠠᠷᠠᠭᠤᠯᠬᠤ ᠶᠢ ᠦᠨᠡᠨᠬᠦ ᠪᠡᠶᠡᠯᠡᠭᠦᠯᠵᠦ᠂ ᠬᠢᠵᠢ᠍ᠭ᠌ ᠦᠨ ᠪᠠᠢ᠌ᠳ᠋ᠠᠯ ᠢ ᠬᠦᠩᠭᠡᠪᠴᠢ᠍ᠯᠡᠬᠦ ᠦᠭᠡᠶ᠂ ᠬᠢᠵᠢ᠍ᠭ᠌ ᠦᠨ ᠪᠠᠢ᠌ᠳ᠋ᠠᠯ ᠡᠴᠨ ᠠᠶᠤᠬᠤ ᠦᠭᠡᠶ᠂ ᠤᠯᠠᠨ ᠶᠢᠡᠷ ᠶᠢᠡᠨ ᠰᠡᠷᠭᠡᠢ᠌ᠯᠡᠵᠦ ᠤᠯᠠᠨ ᠶᠢᠡᠷ ᠶᠢᠡᠨ ᠵᠠᠰᠠᠬᠤ᠂ ᠤᠯᠠᠨ ᠤ ᠠᠷᠭ᠎ᠠ ᠤᠬᠠᠭᠠᠨ ᠬᠠᠮᠳ᠋ᠤ ᠶᠢᠨ ᠬᠦᠴᠦᠨ ᠳ᠋ᠥ ᠨᠢ᠍ᠭᠲᠠ ᠴᠢ᠍ᠩᠭ᠎ᠠ ᠰᠡᠷᠭᠡᠢ᠌ᠯᠡᠯᠲᠡ ᠶᠢᠨ ᠱᠤᠭᠤᠮ ᠢ ᠢᠳ᠋ᠡᠪᠬᠢᠲᠡᠢ ᠪᠠᠢ᠌ᠭᠤᠯᠵᠤ᠂ ᠪᠦᠬᠦ ᠬᠤᠰᠢ᠍ᠭᠤᠨ ᠤ ᠬᠢᠵᠢ᠍ᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢ᠍ᠯ ᠳ᠋ᠦ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠬᠦᠴᠦᠨ ᠴᠢ᠍ᠳ᠋ᠠᠯ ᠶᠢᠡᠨ ᠡᠷᠭᠦᠵᠡᠭᠡᠶᠠ ︕
ᠡᠴᠤᠰ ᠲᠤ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠭᠡ ᠬᠤᠷᠠᠯ ᠤᠨ ᠲᠦ᠋ᠯᠦᠭᠡᠯᠡᠭ᠍ᠴᠢ ᠪᠤᠯᠤᠨ ᠠᠵᠢ᠍ᠯᠳ᠋ᠠᠳ ᠵᠢᠴᠢ ᠭᠡᠷ ᠪᠦᠯᠢ ᠶᠢᠨ ᠬᠢᠨ ᠤ ᠪᠠᠶ᠎ᠠ ᠮᠠᠬᠠᠪᠤᠳ ᠡᠷᠡᠭᠦᠯ ᠴᠢ᠍ᠬᠢᠷᠠᠭ᠂ ᠠᠵᠢ᠍ᠯ ᠦᠢ᠍ᠯᠡᠰ ᠤᠷᠤᠭᠰᠢ᠍ᠲᠠᠢ᠂ ᠠᠮᠤᠷ ᠠᠮᠤᠭᠤᠯᠠᠩ ᠵᠤᠯ ᠵᠢᠷᠭᠠᠯ ᠲᠡᠶ ᠪᠠᠢ᠌ᠬᠤ ᠶᠢ ᠴᠢ᠍ᠩ ᠰᠡᠳᠬᠢᠯ ᠡᠴᠨ ᠪᠠᠨ ᠬᠦᠰᠡᠨ ᠵᠦ᠋ᠩᠨᠡᠶᠠ ︕
ᠵᠠᠷᠤᠳ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ
2021ᠤᠨ ᠤ1 ᠰᠠᠷ᠎ᠠ ᠶᠢᠨ16 ᠊ᠤ ᠡᠳ᠋ᠦᠷ
ᠵᠤᠬᠢᠶᠠᠭᠴᠢ᠄ ᠳᠠᠯᠠᠢ
ᠨᠡᠢ᠌ᠲᠡᠯᠡᠭᠰᠡᠰᠨ ᠴᠠᠭ᠄ 2021-01-17 16:01:10
ᠨᠠᠢ᠌ᠷᠠᠭᠤᠯᠤᠭᠴᠢ᠄ ᠳᠠᠯᠠᠢ
ᠬᠠᠷᠢᠭᠤᠴᠠᠭᠰᠠᠨ ᠨᠠᠢ᠌ᠷᠠᠭᠤᠯᠤᠭᠴᠢ᠄ ᠳ᠋ᠠᠢ ᠰᠢᠶᠦ᠋ᠩ
ᠳᠠᠷᠤᠮ᠄ 1785