ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠨᠠᠮ ᠤᠨ ᠭᠡᠰᠢᠬᠦᠨ ᠢ ᠵᠤᠬᠢᠶᠠᠨ ᠪᠠᠢᠭᠤᠯᠵᠤ《ᠨᠠᠮ ᠤᠨ ᠰᠤᠷᠳᠠᠯ ᠴᠢᠬᠡᠴᠢ ᠵᠠᠰᠠᠭ ᠤᠨ ᠪᠠᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠭᠡᠷᠡᠭᠵᠢᠬᠦᠯᠬᠦ ᠲᠤᠬᠠᠢ ᠲᠤᠭᠳᠠᠭᠠᠯ》ᠵᠡᠷᠭᠡ ᠬᠠᠮᠢᠶ᠎ᠠ ᠪᠦᠬᠦᠢ ᠪᠢᠴᠢᠭ᠌ ᠮᠠᠲ᠋ᠸᠷᠢᠶᠠᠯ ᠢ ᠲᠦᠪᠯᠡᠷᠡᠬᠦᠯᠤᠨ ᠰᠤᠷᠤᠯᠴᠠᠪᠠ

    

        


        

        1 ᠰᠠᠷ᠎ᠠ ᠶᠢᠨ 15᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠨᠠᠮ ᠤᠨ ᠭᠡᠰᠢᠬᠦᠨ ᠢ ᠵᠤᠬᠢᠶᠠᠨ ᠪᠠᠢᠭᠤᠯᠵᠤ᠂《ᠨᠠᠮ ᠤᠨ ᠰᠤᠷᠳᠠᠯ ᠴᠢᠬᠡᠴᠢ ᠵᠠᠰᠠᠭ ᠤᠨ ᠪᠠᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠭᠡᠷᠡᠭᠵᠢᠬᠦᠯᠬᠦ ᠲᠤᠬᠠᠢ ᠲᠤᠭᠳᠠᠭᠠᠯ》᠋ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ《ᠨᠠᠮ ᠤᠨ ᠰᠤᠷᠳᠠᠯ ᠴᠢᠬᠡᠴᠢ ᠵᠠᠰᠠᠭ ᠤᠨ ᠪᠠᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠭᠡᠷᠡᠭᠵᠢᠬᠦᠯᠬᠦ ᠲᠤᠬᠠᠢ ᠲᠤᠭᠳᠠᠭᠠᠯ》᠋᠋ ᠢ ᠭᠡᠷᠡᠭᠵᠢᠬᠦᠯᠬᠦ ᠠᠷᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠲᠤᠭᠤᠢᠯᠠᠩ ᠤᠨ ᠬᠤᠷᠠᠯ ᠤᠨ ᠵᠤᠷᠢᠭ ᠰᠠᠨᠠᠭ᠎ᠠ ᠶᠢ ᠲᠦᠪᠯᠡᠷᠡᠬᠦᠯᠤᠨ ᠰᠤᠷᠤᠯᠴᠠᠪᠠ᠃ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠨ ᠲᠠᠭᠠᠭᠤᠤᠯᠤᠨ ᠰᠤᠷᠤᠯᠴᠠᠪᠠ᠃

        


        
             ᠬᠤᠷᠠᠯ ᠡᠴᠨ᠂ ᠪᠠᠢᠭᠤᠯᠭ᠎ᠠ ᠶᠢᠨ ᠨᠠᠮ ᠤᠨ ᠡᠬᠦᠷ ᠪᠤᠳᠠᠳᠠᠢ ᠲᠠᠢ ᠪᠠᠨ ᠤᠶᠠᠯᠳᠤᠭᠤᠯᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠢᠭᠤᠯᠤᠯᠳᠠ ᠶᠢᠨ ᠠᠵᠢᠯ ᠤᠨ ᠲᠦᠯᠤᠪᠯᠡᠭᠡ᠂ ᠬᠠᠷᠠᠯᠳᠠ ᠱᠠᠭᠠᠷᠳᠠᠯᠭ᠎ᠠ  ᠪᠠ ᠪᠤᠳᠠᠳᠠᠢ ᠠᠷᠭ᠎ᠠ ᠠᠪᠴᠠᠯ ᠢ ᠰᠤᠳᠤᠯᠤᠨ ᠲᠤᠭᠳᠠᠭᠠᠬᠤ ᠶᠢᠨ ᠬᠠᠮᠳᠤ ᠲᠦᠯᠤᠪᠯᠡᠭᠡ ᠶᠤᠰᠤᠭᠠᠷ ᠨᠠᠢᠳᠠᠪᠤᠷᠢᠵᠢᠭᠤᠯᠤᠯᠳᠠ ᠶᠢ ᠠᠬᠢᠭᠤᠯᠬᠤ ᠭᠡᠷᠡᠭᠳᠡᠢ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠭᠤᠯᠤᠯᠳᠠ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠡᠯ ᠢ ᠪᠦᠷᠢᠨᠰᠢᠬᠦᠯᠵᠤ ᠲᠠᠬᠦᠯᠳᠠᠷᠵᠢᠬᠦᠯᠤᠨ᠂ 2021 ᠤᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠭᠤᠯᠤᠯᠳᠠ ᠶᠢᠨ ᠡᠯ᠎ᠠ ᠵᠤᠢᠯ ᠤᠨ ᠡᠬᠦᠷᠭᠡ ᠶᠢ ᠨᠠᠷᠢᠯᠢᠭᠵᠢᠭᠤᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠭᠤᠯᠤᠯᠳᠠ ᠶᠢᠨ ᠡᠬᠦᠷᠭᠡ ᠶᠢ ᠨᠠᠢᠳᠠᠪᠤᠷᠢᠵᠢᠭᠤᠯᠬᠤ ᠶᠢ ᠪᠦᠬᠦ ᠬᠦᠴᠤᠨ ᠶᠢᠠᠷ ᠲᠦᠯᠬᠢᠨ ᠠᠬᠢᠭᠤᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠭᠤᠯᠤᠯᠳᠠ ᠶᠢᠨ ᠡᠬᠦᠷᠭᠡ ᠶᠢᠨ ᠬᠠᠷᠢᠭᠤᠴᠠᠯᠭ᠎ᠠ ᠶᠢᠨ ᠲᠦᠢᠷᠢᠮ ᠢ ᠨᠠᠢᠳᠠᠪᠤᠷᠢᠵᠢᠭᠤᠯᠬᠤ ᠬᠦᠴᠤᠷᠭᠡᠭ᠌ ᠶᠡᠭᠡ ᠬᠠᠮᠳᠤᠷᠠᠯ ᠬᠦᠴᠤᠨ ᠢ ᠦᠨᠡᠨᠬᠦ ᠪᠦᠷᠢᠯᠳᠤᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃

        
              ᠬᠤᠷᠠᠯ ᠲᠠᠭᠡᠷ᠎ᠠ᠂ ᠶᠡᠷᠤᠩᠭᠡᠢ ᠱᠦᠵᠢ ᠰᠢ ᠵᠢᠨ ᠫᠢᠩ ᠤᠨ ᠤᠢᠷ᠎ᠠ ᠶᠢᠨ ᠬᠤᠭᠤᠴᠠᠭᠠᠨ ᠤ ᠴᠢᠬᠤᠯᠨ ᠶᠠᠷᠢᠶ᠎ᠠ᠂ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ(ᠶᠡᠷᠤᠩᠭᠡᠢ ᠱᠦᠵᠢ ᠰᠢ ᠵᠢᠨ ᠫᠢᠩ ᠤᠨ ᠲᠦᠪ ᠬᠤᠷᠢᠶᠠᠨ ᠤ ᠪᠦᠬᠦ ᠲᠠᠯ᠎ᠠ ᠪᠡᠷ ᠬᠠᠤᠯᠢ ᠪᠡᠷ ᠤᠯᠤᠰ ᠶᠢᠠᠨ ᠵᠠᠰᠠᠬᠤ ᠠᠵᠢᠯ ᠤᠨ ᠬᠤᠷᠠᠯ ᠲᠠᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ᠂ ᠶᠡᠷᠤᠩᠭᠡᠢ ᠱᠦᠵᠢ ᠰᠢ ᠵᠢᠨ ᠫᠢᠩ ᠤᠨ ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠦᠷᠢᠮ ᠤᠨ ᠦᠭᠡᠷᠡᠴᠢᠯᠡᠯᠳᠠ ᠶᠢ ᠠᠬᠢᠭᠤᠯᠬᠤ ᠲᠤᠬᠠᠢ᠂ ᠬᠦᠳᠡᠭᠡ ᠲᠤᠰᠬᠤᠨ ᠤ ᠲᠠᠭᠠᠭᠠᠴᠢᠯᠠᠯᠳᠠ ᠶᠢᠨ ᠭᠠᠵᠠᠷ ᠤᠨ ᠬᠠᠮᠢᠶᠠᠷᠤᠯᠳᠠ ᠶᠢᠨ ᠠᠵᠢᠯ ᠢ ᠰᠠᠢᠳᠤᠷ ᠬᠢᠬᠦ ᠲᠤᠬᠠᠢ ᠴᠢᠬᠤᠯᠨ ᠵᠢᠭᠠᠪᠤᠷᠢ᠂ ᠶᠡᠷᠤᠩᠭᠡᠢ ᠱᠦᠵᠢ ᠰᠢ ᠵᠢᠨ ᠫᠢᠩ ᠤᠨ ᠬᠤᠢᠴᠢ ᠦᠶ᠎ᠠ ᠪᠠᠨ ᠬᠠᠯᠠᠮᠵᠢᠯᠠᠬᠤ ᠠᠵᠢᠯ ᠢ ᠰᠠᠢᠳᠤᠷ ᠬᠢᠬᠦ ᠲᠤᠬᠠᠢ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ)᠋ ᠪᠠ ᠦᠪᠡᠷᠳᠡᠭᠡᠨ ᠵᠠᠰᠠᠬᠤ ᠤᠷᠤᠨ᠂ ᠲᠦᠩᠯᠢᠶᠤᠤ ᠬᠤᠳᠠ ᠶᠢᠨ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ(ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠳᠤᠮᠠᠯ ᠹᠷᠤᠨᠲ ᠤᠨ ᠠᠵᠢᠯ ᠤᠨ ᠤᠳᠤᠷᠢᠳᠬᠤ ᠲᠤᠭᠤᠢᠯᠠᠩ ᠤᠨ ᠬᠤᠷᠠᠯ ᠤᠨ ᠵᠤᠷᠢᠭ ᠰᠠᠨᠠᠭ᠎ᠠ)᠋ ᠶᠢ ᠦᠷᠬᠦᠯᠵᠢᠯᠡᠨ ᠰᠤᠷᠤᠯᠴᠠᠪᠠ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠨᠠᠮ ᠤᠨ ᠭᠡᠰᠢᠬᠦᠨ ᠺᠠᠳ᠋ᠷ ᠤᠨ ᠲᠦᠪᠯᠡᠷᠡᠬᠦᠯᠤᠨ ᠰᠤᠷᠤᠯᠴᠠᠬᠤ ᠬᠤᠷᠠᠯ ᠬᠤᠷᠠᠯᠳᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠪᠦᠬᠦ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢᠭᠤᠯᠵᠤ᠂ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠡᠴᠨ ᠡᠮᠤᠨᠡᠬᠢ ᠲᠦᠪᠯᠡᠷᠡᠭᠰᠨᠨ ᠰᠤᠷᠤᠯᠴᠠᠯᠭ᠎ᠠ ᠦᠷᠨᠢᠬᠦᠯᠪᠡ