ᠡᠤ ᠴᠢᠩ ᠬᠠᠢ ᠦᠯᠵᠡᠢᠮᠦ᠋ᠷᠡᠨ ᠰᠤᠮᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠵᠤ ᠵᠢᠯᠤᠭᠤᠳᠪᠠ

1 ᠰᠠᠷ᠎ᠠ ᠶᠢᠨ 20᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ ᠦᠯᠵᠡᠢᠮᠦ᠋ᠷᠡᠨ ᠰᠤᠮᠤ ᠳᠤ ᠬᠦᠷᠴᠤ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠵᠤ ᠵᠢᠯᠤᠭᠤᠳᠪᠠ᠃ ᠰᠠᠭᠤᠳᠠᠯ ᠤᠨ ᠬᠤᠷᠠᠯ ᠬᠤᠷᠠᠯᠳᠤᠭᠤᠯᠬᠤ᠂ ᠠᠵᠢᠯ ᠤᠨ ᠪᠠᠢᠳᠠᠯ ᠤᠨ ᠲᠠᠨᠢᠯᠴᠠᠭᠤᠯᠭ᠎ᠠ ᠬᠢᠬᠦ᠂ ᠲᠤᠬᠠᠢ ᠶᠢᠨ ᠭᠠᠵᠠᠷ ᠲᠤ ᠠᠰᠠᠭᠤᠨ ᠯᠠᠪᠯᠠᠵᠤ ᠪᠠᠢᠴᠠᠭᠠᠨ ᠦᠵᠡᠬᠦ ᠭᠡᠯᠪᠡᠷᠢ ᠪᠡᠷ ᠲᠠᠮᠵᠢᠨ᠂ ᠦᠯᠵᠡᠢᠮᠦ᠋ᠷᠡᠨ ᠰᠤᠮᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠦᠷᠨᠢᠬᠦᠯᠦᠭᠰᠨᠨ ᠪᠠᠢᠳᠠᠯ ᠵᠢᠴᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠠ᠂ ᠤᠯᠠᠭᠠᠨ ᠦᠭᠡᠷ ᠤᠨ ᠡᠬᠦᠯᠳᠡᠷ ᠰᠠᠢᠵᠢᠷᠠᠭᠤᠯᠬᠤ᠂ ᠭᠠᠴᠠᠭ᠎ᠠ ᠲᠤᠰᠬᠤᠨ ᠤ《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ ᠪᠠ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠵᠡᠷᠭᠡ ᠠᠵᠢᠯ ᠤᠨ ᠪᠠᠢᠳᠠᠯ ᠢ ᠨᠠᠷᠢᠯᠢᠭ ᠤᠢᠯᠠᠭᠠᠬᠤ ᠶᠢᠨ ᠬᠠᠮᠳᠤ᠂ ᠪᠤᠳᠠᠳᠠᠢ ᠱᠠᠭᠠᠷᠳᠠᠯᠭ᠎ᠠ ᠲᠤᠷᠠᠳᠪᠠ᠃


ᠠᠵᠢᠯ ᠤᠨ ᠮᠡᠳᠡᠬᠦᠯᠤᠯᠳᠠ ᠰᠤᠨᠤᠰᠤᠭᠰᠠᠨ ᠤ ᠲᠠᠷᠠᠭ᠎ᠠ᠂ ᠡᠤ ᠴᠢᠩ ᠬᠠᠢ ᠡᠴᠨ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠰᠤᠮᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ ᠪᠦᠯᠬᠦᠮ ᠤᠨ ᠠᠵᠢᠯ ᠢ ᠪᠦᠬᠦ ᠬᠦᠴᠤᠨ ᠶᠢᠠᠷ ᠲᠠᠮᠵᠢᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ ᠪᠦᠯᠬᠦᠮ ᠤᠨ ᠲᠤᠬᠠᠢᠯᠠᠭᠰᠨᠨ ᠠᠵᠢᠯ ᠪᠠ ᠠᠷᠠᠳ ᠤᠨ ᠲᠦᠯᠤᠭᠡᠯᠡᠭᠴᠢ ᠶᠢᠨ ᠪᠤᠯᠪᠠᠰᠤᠷᠠᠯ ᠦᠷᠨᠢᠬᠦᠯᠬᠦ᠂ ᠭᠠᠳᠠᠭᠰᠢ ᠭᠠᠷᠴᠤ ᠪᠠᠢᠴᠠᠭᠠᠨ ᠦᠵᠡᠵᠤ ᠰᠤᠷᠤᠯᠴᠠᠬᠤ ᠵᠡᠷᠭᠡ ᠬᠦᠳᠡᠯᠭᠡᠭᠡᠨ ᠤ ᠭᠡᠪ ᠤᠨ ᠠᠵᠢᠯᠯᠠᠭ᠎ᠠ ᠶᠢ ᠪᠠᠳᠤᠯᠠᠬᠤ ᠶᠢ ᠬᠦᠰᠡᠪᠡ᠃ ᠡᠤ ᠴᠢᠩ ᠬᠠᠢ ᠡᠴᠨ᠂ ᠰᠤᠮᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ ᠪᠦᠯᠬᠦᠮ ᠨᠠᠮ ᠤᠨ ᠬᠤᠷᠢᠶ᠎ᠠ ᠵᠠᠰᠠᠭ ᠤᠨ ᠤᠷᠳᠤᠨ ᠤ ᠭᠤᠤᠯ ᠠᠵᠢᠯ ᠳᠤ ᠢᠳᠡᠪᠬᠢᠳᠠᠢ ᠤᠷᠤᠯᠴᠠᠬᠤ ᠶᠢᠨ ᠬᠠᠮᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ ᠪᠦᠯᠬᠦᠮ ᠤᠨ ᠡᠯ᠎ᠠ ᠲᠦᠷᠤᠯ ᠤᠨ ᠲᠤᠬᠠᠢᠢᠯᠠᠭᠰᠨᠨ ᠠᠵᠢᠯ ᠶᠢᠠᠨ ᠰᠠᠢᠳᠤᠷ ᠪᠡᠶᠡᠯᠡᠬᠦᠯᠵᠤ᠂ ᠤᠨᠴᠠᠭᠠᠢᠯᠠᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠵᠢᠴᠢ ᠲᠠᠭᠡᠷ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠬᠢᠷᠠᠭᠤᠯᠤᠯᠳᠠ ᠪᠠᠢᠷᠢᠯᠠᠭᠤᠯᠤᠯᠳᠠ ᠪᠠ ᠲᠤᠰᠢᠶᠠᠨ ᠬᠦᠢᠴᠡᠳᠭᠡᠯᠭᠡᠬᠦ ᠡᠯ᠎ᠠ ᠲᠦᠷᠤᠯ ᠤᠨ ᠠᠵᠢᠯ ᠢ ᠰᠠᠢᠳᠤᠷ ᠪᠠᠶᠡᠯᠡᠬᠦᠯᠤᠨ᠂ ᠲᠤᠰ ᠵᠢᠯ ᠤᠨ ᠠᠵᠢᠯ ᠶᠢᠠᠨ ᠡᠷᠭᠡᠪᠰᠢ ᠲᠤᠰ ᠵᠢᠯ ᠳᠤᠨᠢ ᠪᠡᠶᠡᠯᠡᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃

ᠡᠤ ᠴᠢᠩ ᠬᠠᠢ ᠡᠴᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠬᠠᠤᠯᠢ ᠲᠦᠷᠢᠮ ᠶᠤᠰᠤᠭᠠᠷ ᠰᠠᠨᠠᠯ ᠵᠦᠪᠯᠡᠯᠭᠡ ᠲᠤᠷᠠᠳᠬᠤ ᠪᠤᠯ ᠲᠦᠷᠤ ᠶᠢᠨ ᠡᠷᠭᠡ ᠶᠢ ᠭᠡᠷᠡᠭᠵᠢᠬᠦᠯᠬᠦ᠂ ᠲᠦᠯᠤᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠢᠨ ᠴᠢᠬᠤᠯᠨ ᠠᠭᠤᠯᠭ᠎ᠠ ᠮᠦᠨ᠂ ᠲᠤᠷᠠᠳᠤᠭᠰᠨᠨ ᠰᠠᠨᠠᠯ ᠵᠦᠪᠯᠡᠯᠭᠡ ᠨᠢ ᠮᠠᠰᠢ ᠴᠢᠩᠭ᠎ᠠ ᠬᠠᠤᠯᠢ ᠴᠠᠭᠠᠵᠨ ᠶᠢᠨ ᠬᠦᠴᠤᠨ ᠲᠠᠢ ᠶᠤᠮ ᠭᠡᠵᠡᠢ᠃


ᠡᠤ ᠴᠢᠩ ᠬᠠᠢ ᠪᠠᠰᠨ ᠵᠢᠯ ᠤᠨ ᠡᠴᠤᠰ ᠤᠨ ᠬᠤᠭᠤᠴᠠᠭᠠᠨ ᠳᠤ᠂ ᠪᠠᠭᠤᠷᠠᠢᠴᠤᠤᠯ ᠤᠨ ᠠᠮᠢᠳᠤᠷᠠᠯ᠂ ᠠᠶᠤᠯᠬᠦᠢ ᠤᠢᠯᠡᠳᠪᠤᠷᠢᠯᠡᠯ᠂ ᠭᠠᠯ ᠢ ᠰᠡᠷᠭᠡᠢᠯᠡᠬᠦ ᠬᠤᠯᠠᠭᠠᠢ ᠶᠢ ᠰᠡᠷᠭᠡᠢᠯᠡᠬᠦ᠂ ᠠᠷᠠᠳ ᠤᠨ ᠵᠠᠩ ᠰᠤᠷᠳᠠᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠨᠡᠢᠭᠡᠮ ᠤᠨ ᠲᠤᠭᠳᠠᠭᠤᠨ ᠵᠢᠴᠢ 2021 ᠤᠨ ᠤ ᠠᠵᠢᠯ ᠢ ᠰᠠᠢᠳᠤᠷ ᠲᠦᠯᠤᠪᠵᠢᠬᠦᠯᠬᠦ ᠵᠡᠷᠭᠡ ᠲᠠᠯ᠎ᠠ ᠳᠤ ᠵᠢᠯᠤᠭᠤᠳᠬᠤ ᠴᠢᠨᠠᠷᠳᠠᠢ ᠰᠠᠨᠠᠯ ᠰᠠᠨᠠᠭᠤᠯᠭ᠎ᠠ ᠲᠤᠷᠠᠳᠴᠠᠢ᠃

ᠰᠠᠭᠤᠳᠠᠯ ᠤᠨ ᠬᠤᠷᠠᠯ ᠲᠠᠭᠤᠰᠤᠭᠰᠨᠨ ᠤ ᠲᠠᠷᠠᠭ᠎ᠠ ᠡᠤ ᠴᠢᠩ ᠬᠠᠢ ᠡᠴᠨ ᠦᠯᠵᠡᠢᠮᠦ᠋ᠷᠡᠨ ᠰᠤᠮᠤᠨ ᠤ ᠪᠤᠯᠠᠭ ᠭᠠᠴᠠᠭᠠᠨ ᠤ ᠱᠸᠩ ᠯᠢ ᠦᠭᠡᠷ ᠲᠠᠵᠢᠭᠡᠬᠦ ᠲᠤᠰᠬᠠᠢ ᠬᠤᠷᠰᠢᠶᠠᠵᠢᠯ ᠢ ᠪᠠᠢᠴᠠᠭᠠᠨ ᠦᠵᠡᠪᠡ᠃(ᠳ᠋ᠠᠢ ᠰᠢᠶᠦ᠋ᠩ)