ᠤᠳᠤ ᠶᠢᠨ ᠪᠠᠢ᠌ᠷᠢ᠄ ᠴᠢᠬᠤᠯᠠ ᠮᠡᠳᠡᠭᠡ → ᠡᠤ ᠴᠢᠩ ᠬᠠᠢ ᠦᠨᠳᠤᠰᠤᠨ ᠱᠠᠳᠤᠨ ᠤ ᠠᠵᠢᠯ ᠢ᠁
ᠡᠤ ᠴᠢᠩ ᠬᠠᠢ ᠦᠨᠳᠤᠰᠤᠨ ᠱᠠᠳᠤᠨ ᠤ ᠠᠵᠢᠯ ᠢ ᠪᠠᠢᠴᠠᠭᠠᠨ ᠵᠢᠯᠤᠭᠤᠳᠪᠠ

         

      1 ᠰᠠᠷ᠎ᠠ ᠶᠢᠨ 21᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ ᠬᠤᠩᠬᠠᠳᠤ ᠠᠭᠤᠯᠨ ᠪᠠᠯᠭᠠᠰᠤ᠂ ᠦᠨᠡᠭᠡᠴᠢ ᠮᠠᠯᠵᠢᠯ ᠤᠨ ᠲᠠᠯᠡᠪᠠᠢ ᠵᠡᠷᠭᠡ ᠭᠠᠵᠠᠷ ᠶᠢᠠᠷ ᠬᠦᠷᠴᠤ᠂ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠤᠢᠯᠡᠰᠵᠢᠯᠳᠠ ᠶᠢᠨ ᠬᠦᠭᠵᠢᠯᠳᠠ ᠵᠢᠴᠢ ᠴᠠᠭᠠᠨ ᠰᠠᠷ᠎ᠠ ᠶᠢᠨ ᠡᠮᠤᠨ᠎ᠡ ᠬᠤᠢᠨᠠᠬᠢ ᠠᠶᠤᠯᠬᠦᠢ ᠤᠢᠯᠡᠳᠪᠤᠷᠢᠯᠡᠯ᠂ ᠨᠡᠢᠭᠡᠮ ᠤᠨ ᠠᠮᠤᠷ ᠲᠦᠪᠰᠢᠨ ᠢ ᠶᠡᠷᠤᠩᠭᠡᠢᠯᠡᠨ ᠵᠠᠰᠠᠬᠤ ᠪᠠ ᠲᠤᠭᠳᠠᠭᠤᠨ ᠢ ᠬᠠᠮᠠᠭᠠᠯᠠᠬᠤ ᠵᠡᠷᠭᠡ ᠠᠵᠢᠯ ᠢ ᠪᠠᠢᠴᠠᠭᠠᠨ ᠵᠢᠯᠤᠭᠤᠳᠪᠠ᠃

        


        
             ᠡᠤ ᠴᠢᠩ ᠬᠠᠢ ᠡᠴᠨ᠂ ᠵᠢᠯ ᠤᠨ ᠡᠴᠤᠰ ᠤᠨ ᠭᠤᠤᠯᠳᠠᠯᠭ᠎ᠠ ᠲᠠᠢ ᠠᠵᠢᠯ ᠢ ᠰᠠᠢᠳᠤᠷ ᠬᠢᠬᠦ ᠳᠤ᠂ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠪᠠᠢᠳᠠᠯ ᠬᠦᠨᠳᠤ ᠭᠡᠴᠡᠬᠦᠤ ᠪᠠᠢᠳᠠᠯ ᠤᠨ ᠡᠮᠤᠨ᠎ᠡ᠂ ᠰᠤᠮᠤ ᠪᠠᠯᠭᠠᠰᠤᠨ ᠤ ᠤᠳᠤᠷᠢᠳᠤᠯᠭ᠎ᠠ ᠨᠠᠷ ᠲᠠᠭᠡᠳᠤ ᠭᠡᠮᠵᠢᠶ᠎ᠠ ᠪᠡᠷ ᠴᠢᠬᠤᠯᠠᠴᠢᠯᠠᠨ ᠦᠵᠡᠵᠤ᠂ ᠮᠠᠨ ᠤ ᠬᠤᠰᠢᠭᠤᠨ ᠤ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠳᠤᠰᠤᠨ ᠪᠠᠢᠳᠠᠯ ᠢ ᠶᠡᠭᠡᠪᠡᠷ ᠤᠢᠯᠠᠭᠠᠬᠤ ᠪᠠ ᠭᠠᠯᠳᠤ ᠲᠠᠷᠭᠡᠨ ᠦᠷᠳᠡᠭᠡ ᠵᠡᠷᠭᠡ ᠵᠠᠮ ᠬᠠᠷᠢᠯᠴᠠᠭᠠᠨ ᠤ ᠭᠤᠤᠯ ᠱᠤᠭᠤᠮ ᠤᠨ ᠬᠢᠵᠢᠭ᠌ ᠢ ᠰᠡᠷᠭᠡᠢᠯᠡᠨ ᠰᠢᠯᠭᠠᠨ ᠪᠠᠢᠴᠠᠭᠠᠬᠤ ᠠᠵᠢᠯ ᠢ ᠪᠦᠬᠦ ᠬᠦᠴᠤᠨ ᠶᠢᠠᠷ ᠠᠬᠢᠭᠤᠯᠬᠤ ᠭᠡᠷᠡᠭᠳᠡᠢ᠃ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠮᠡᠳᠡᠬᠡ ᠵᠠᠩᠬᠢ ᠶᠢᠨ ᠵᠠᠮ ᠱᠤᠭᠤᠮ ᠢ ᠰᠠᠭᠠᠳ ᠦᠭᠡᠢ ᠨᠡᠪᠳᠡᠷᠡᠬᠦᠯᠵᠤ᠂ ᠬᠤᠪᠢᠶᠠᠷᠢ ᠲᠠᠯᠠᠪᠠᠢ᠂ ᠨᠡᠢᠭᠡᠮ ᠲᠤᠭᠤᠷᠢᠭ ᠤᠨ ᠲᠤᠤᠷᠵᠢᠭᠤᠯᠤᠭᠰᠨᠨ ᠬᠠᠮᠢᠶᠠᠷᠤᠨ ᠡᠵᠡᠮᠳᠡᠬᠦ ᠰᠢᠰᠲ᠋ᠸᠮ ᠢ ᠪᠠᠢᠭᠤᠯᠵᠤ᠂ ᠦᠨᠴᠦᠭ ᠪᠤᠯᠤᠩ ᠦᠯᠡᠳᠡᠭᠡᠯ ᠦᠭᠡᠢ᠂ ᠨᠢᠭᠡ ᠬᠦᠮᠤᠨ ᠨᠢᠭᠡ ᠡᠷᠤᠭᠡ ᠶᠢ ᠬᠤᠴᠤᠷᠭᠠᠬᠤ ᠦᠭᠡᠢ ᠪᠠᠢᠬᠤ ᠶᠢ ᠪᠠᠳᠤᠯᠠᠬᠤ ᠭᠡᠷᠡᠭᠳᠡᠢ᠃ ᠴᠠᠭᠠᠨ ᠰᠠᠷ᠎ᠠ ᠶᠢᠨ ᠬᠤᠭᠤᠴᠠᠭᠠᠨ ᠳᠡᠬᠢ ᠠᠶᠤᠯᠬᠦᠢ ᠤᠢᠯᠡᠳᠪᠤᠷᠢᠯᠡᠯ ᠤᠨ ᠬᠠᠮᠢᠶᠠᠷᠤᠯᠳᠠ ᠶᠢ ᠴᠢᠩᠭᠠᠳᠬᠠᠵᠤ᠂ ᠤᠯᠨᠨ ᠲᠦᠮᠨᠨ ᠤ ᠠᠮᠤᠷ ᠲᠦᠪᠰᠢᠨ ᠪᠠᠶᠠᠷ ᠬᠦᠷ ᠲᠠᠢ ᠴᠠᠭᠠᠨ ᠰᠠᠷ᠎ᠠ ᠪᠠᠨ ᠦᠩᠭᠡᠷᠡᠬᠦᠯᠬᠦ ᠶᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃

        
           ᠡᠤ ᠴᠢᠩ ᠬᠠᠢ ᠡᠴᠨ᠂ ᠬᠤᠩᠬᠠᠳᠤ ᠠᠭᠤᠯᠨ ᠪᠠᠯᠭᠠᠰᠤᠨ ᠤ ᠨᠠᠰᠤᠳᠠᠢᠴᠤᠤᠯ ᠤᠨ ᠬᠦᠷᠢᠶᠠᠯᠠᠩ ᠤᠨ ᠦᠳᠡᠯᠤᠭᠡ ᠪᠠᠭᠤᠷᠠᠢᠴᠤᠤᠯ ᠢ ᠡᠷᠬᠢᠨ ᠦᠵᠡᠬᠦ ᠳᠤ᠂ ᠪᠠᠭᠤᠷᠠᠢᠴᠤᠤᠯ ᠤᠨ ᠤᠢᠯᠡᠳᠪᠤᠷᠢᠯᠡᠯ ᠠᠮᠢᠳᠤᠷᠠᠯ ᠤᠨ ᠪᠠᠢᠳᠠᠯ ᠢ ᠢᠯᠡᠬᠦᠭᠡᠨ ᠬᠠᠯᠠᠮᠵᠢᠯᠠᠨ ᠠᠩᠬᠠᠷᠴᠤ᠂ ᠲᠠᠳᠠᠨ ᠤ ᠭᠡᠷᠡᠭᠴᠡᠭᠡ ᠱᠠᠭᠠᠷᠳᠠᠯᠭ᠎ᠠ ᠶᠢ ᠤᠢᠯᠠᠭᠠᠨ᠂ ᠪᠠᠭᠤᠷᠠᠢ ᠵᠡᠮᠳᠡᠭ ᠨᠠᠰᠤᠳᠠᠢᠴᠤᠤᠯ ᠢ ᠬᠠᠷᠠᠭᠠᠯᠵᠠᠬᠤ ᠪᠠ ᠬᠠᠪᠰᠤᠷᠤᠨ ᠲᠠᠳᠬᠦᠬᠦ ᠠᠵᠢᠯ ᠢ ᠰᠠᠢᠳᠤᠷ ᠬᠢᠬᠦ ᠶᠢᠨ ᠬᠠᠮᠳᠤ᠂ ᠠᠬᠠᠮᠠᠳ ᠨᠠᠮ ᠤᠨ ᠭᠡᠰᠢᠬᠦᠨ᠂ ᠴᠡᠷᠢᠭ᠌ ᠡᠴᠨ ᠬᠠᠯᠠᠭᠳᠠᠭᠰᠠᠳ᠂ ᠬᠦᠳᠡᠯᠮᠤᠷᠢ ᠶᠢᠨ ᠵᠢᠱᠢᠶᠡᠴᠢ᠂ ᠬᠤᠭᠤᠴᠠᠭ᠎ᠠ ᠪᠦᠷᠢ ᠶᠢᠨ ᠠᠷᠠᠳ ᠤᠨ ᠲᠦᠯᠤᠭᠡᠯᠡᠭᠴᠢ ᠶᠢ ᠲᠤᠬᠤᠨᠢᠭᠤᠯᠵᠤ᠂ ᠤᠢᠯᠡᠳᠪᠤᠷᠢᠯᠡᠯ ᠠᠮᠢᠳᠤᠷᠠᠯ ᠲᠤᠮᠳᠠ ᠨᠢ ᠲᠤᠯᠭᠠᠷᠠᠭᠰᠨᠨ ᠬᠦᠴᠢᠷᠳᠠᠯ ᠢ ᠨᠢ ᠬᠠᠪᠰᠤᠷᠤᠨ ᠰᠢᠢᠳᠪᠤᠷᠢᠯᠡᠵᠤ᠂ ᠲᠠᠳᠠᠨᠠᠷ ᠲᠤ ᠨᠠᠮ ᠪᠠ ᠵᠠᠰᠠᠭ ᠤᠨ ᠤᠷᠳᠤᠨ ᠤ ᠬᠠᠢᠷ᠎ᠠ ᠬᠠᠯᠠᠮᠵᠢ ᠶᠢ ᠬᠦᠷᠭᠡᠨ᠂ ᠲᠠᠳᠠᠨ ᠢ ᠪᠠᠶᠠᠷ ᠪᠠᠶᠠᠰᠬᠤᠯᠠᠩ ᠲᠠᠢ ᠡᠶ᠎ᠠ ᠨᠠᠢᠷᠰᠠᠭ ᠶᠢᠠᠷ ᠴᠠᠭᠠᠨ ᠰᠠᠷ᠎ᠠ ᠶᠢ ᠦᠩᠭᠡᠷᠡᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ ᠭᠠᠵᠠᠷ ᠤᠷᠤᠨ ᠤ ᠪᠠᠨ ᠠᠵᠢᠯ ᠢ ᠬᠢᠨᠠᠨ ᠪᠠᠢᠴᠠᠭᠠᠵᠤ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ 《ᠰᠠᠷ᠎ᠠ ᠪᠦᠷᠢ ᠶᠢᠨ ᠬᠠᠤᠯᠢ ᠶᠢᠨ ᠰᠤᠷᠤᠯᠴᠠᠯᠭ᠎ᠠ》᠋ ᠶᠢᠨ ᠮᠡᠳᠡᠯᠭᠡ ᠶᠢᠨ ᠲᠠᠢᠯᠤᠮᠵᠢ ᠶᠢᠨ ᠠᠵᠢᠯᠯᠠᠭ᠎ᠠ ᠦᠷᠨᠢᠬᠦᠯᠪᠡ