ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ 《ᠰᠠᠷ᠎ᠠ ᠪᠦᠷᠢ ᠶᠢᠨ ᠬᠠᠤᠯᠢ ᠶᠢᠨ ᠰᠤᠷᠤᠯᠴᠠᠯᠭ᠎ᠠ》᠋ ᠶᠢᠨ ᠮᠡᠳᠡᠯᠭᠡ ᠶᠢᠨ ᠲᠠᠢᠯᠤᠮᠵᠢ ᠶᠢᠨ ᠠᠵᠢᠯᠯᠠᠭ᠎ᠠ ᠦᠷᠨᠢᠬᠦᠯᠪᠡ

1ᠰᠠᠷ᠎ᠠ ᠶᠢᠨ 22᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ《ᠰᠠᠷ᠎ᠠ ᠪᠦᠷᠢ ᠶᠢᠨ ᠬᠠᠤᠯᠢ ᠶᠢᠨ ᠰᠤᠷᠤᠯᠴᠠᠯᠭ᠎ᠠ》᠋ ᠶᠢᠨ ᠮᠡᠳᠡᠯᠭᠡ ᠶᠢᠨ ᠲᠠᠢᠯᠤᠮᠵᠢ ᠶᠢᠨ ᠠᠵᠢᠯᠯᠠᠭ᠎ᠠ ᠦᠷᠨᠢᠬᠦᠯᠵᠤ᠂ ᠰᠤᠷᠤᠯᠭ᠎ᠠ ᠡᠬᠢᠯᠡᠬᠦ ᠶᠤᠰᠤᠯᠠᠯ ᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠦᠷᠡᠪᠠᠳᠤ ᠡᠷᠬᠢᠯᠡᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠪᠦ᠋ ᠮᠤᠤ ᠰᠢᠶᠠᠩ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠵᠢᠴᠢ ᠪᠠᠢᠭᠤᠯᠭ᠎ᠠ ᠶᠢᠨ ᠪᠦᠬᠦ ᠠᠵᠢᠯᠳᠠᠳ ᠤᠷᠤᠯᠴᠠᠪᠠ᠃

ᠲᠦᠩᠯᠢᠶᠤᠤ ᠬᠤᠳᠠ ᠶᠢᠨ ᠠᠮᠢ ᠠᠬᠤᠢ ᠤᠷᠴᠢᠨ ᠲᠤᠭᠤᠷᠢᠨ ᠤ ᠲᠤᠪᠴᠢᠶ᠎ᠠ ᠶᠢᠨ ᠵᠠᠷᠤᠤᠨ ᠬᠤᠰᠢᠭᠤᠨ ᠤ ᠬᠤᠪᠢᠶᠠᠷᠢ ᠲᠤᠪᠴᠢᠶᠠᠨ ᠤ ᠬᠢᠨᠠᠨ ᠭᠡᠮᠵᠢᠬᠦ ᠦᠷᠳᠡᠭᠡ ᠶᠢᠨ ᠶᠡᠷᠤᠩᠭᠡᠢ ᠢᠨᠵᠸᠨ᠋ᠸᠷ ᠪᠠᠢ ᠬᠠᠢ ᠶᠢᠩ ᠤᠷᠢᠯᠭ᠎ᠠ ᠪᠡᠷ ᠬᠤᠷᠠᠯ ᠳᠤ ᠤᠷᠤᠯᠴᠠᠵᠤ ᠬᠠᠪᠰᠤᠷᠤᠨ ᠵᠢᠯᠤᠭᠤᠳᠪᠠ᠃

ᠬᠤᠷᠠᠯ ᠡᠴᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠤᠳᠠᠳᠤ ᠪᠠᠢᠳᠠᠯ ᠳᠤ ᠰᠠᠭᠤᠷᠢᠯᠠᠨ᠂ ᠶᠡᠷᠤᠩᠭᠡᠢ ᠱᠦᠵᠢ ᠰᠢ ᠵᠢᠨ ᠫᠢᠩ ᠤᠨ ᠲᠤᠷᠠᠳᠤᠭᠰᠨᠨ《ᠰᠤᠷᠤᠯᠴᠠᠬᠤ ᠰᠤᠷᠳᠠᠯ ᠢ ᠶᠡᠭᠡᠪᠡᠷ ᠮᠠᠨᠳᠤᠭᠤᠯᠬᠤ》 ᠱᠠᠭᠠᠷᠳᠠᠯᠭ᠎ᠠ ᠶᠤᠰᠤᠭᠠᠷ᠂ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ ᠢ ᠰᠤᠷᠤᠯᠴᠠᠬᠤ ᠶᠢ ᠨᠢᠭᠡ ᠵᠤᠢᠯ ᠤᠨ ᠬᠦᠭᠡᠭᠡᠴᠡᠯᠳᠤᠯ ᠪᠤᠯᠭᠠᠵᠤ᠂ ᠡᠷᠳᠡᠮ ᠮᠡᠳᠡᠯᠭᠡ ᠰᠤᠷᠬᠤ ᠬᠦᠰᠡᠯ ᠡᠷᠡᠮᠡᠯᠵᠡᠯ᠂ ᠰᠢᠷᠭᠠᠬᠤ ᠬᠠᠳᠠᠭᠤᠵᠢᠯᠳᠠᠢ ᠰᠤᠳᠤᠯᠬᠤ ᠵᠤᠷᠢᠭ ᠰᠠᠨᠠᠭ᠎ᠠ᠂ ᠡᠬᠦᠷᠢᠳᠠ ᠴᠠᠯᠭᠠᠢᠷᠠᠬᠤ ᠦᠭᠡᠢ ᠰᠤᠷᠳᠠᠯ ᠶᠢᠠᠷ ᠰᠤᠷᠤᠯᠴᠠᠯᠭ᠎ᠠ ᠳᠤ ᠤᠷᠤᠯᠴᠠᠨ᠂ ᠰᠢᠨ᠎ᠡ ᠴᠠᠭ ᠦᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠢᠳᠤᠷ ᠬᠢᠬᠦ ᠳᠤ ᠦᠵᠡᠯ ᠰᠠᠨᠠᠭᠠᠨ ᠤ ᠰᠠᠭᠤᠷᠢ ᠶᠢ ᠪᠡᠬᠢᠵᠢᠬᠦᠯᠵᠤ᠂ ᠴᠢᠳᠠᠪᠤᠷᠢ ᠶᠢᠨ ᠲᠦᠪᠰᠢᠨ ᠶᠢᠠᠨ ᠲᠠᠭᠡᠭᠰᠢᠯᠡᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃


ᠤᠯᠠᠨ ᠶᠢᠠᠷ ᠶᠢᠠᠨ᠂ ᠤᠳᠤᠬᠠᠨ ᠳᠤ ᠮᠠᠨ ᠤ ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠲᠤᠯᠭᠠᠷᠠᠵᠤ ᠪᠠᠢᠭ᠎ᠠ ᠪᠠᠢᠳᠠᠯ ᠮᠦᠨ ᠯᠨ ᠬᠦᠨᠳᠤ ᠭᠡᠴᠡᠬᠦᠤ ᠪᠠᠢᠨ᠎ᠡ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠪᠤᠯ ᠰᠢᠰᠲ᠋ᠸᠮ ᠤᠨ ᠴᠢᠨᠠᠷᠳᠠᠢ ᠶᠡᠭᠡ ᠢᠨᠵᠸᠨ᠋ᠸᠷᠢᠩ ᠪᠤᠯᠬᠤ ᠶᠢ ᠨᠡᠩ ᠬᠦᠨᠵᠡᠭᠡᠢ ᠲᠠᠨᠢᠵᠤ᠂ ᠨᠢᠭᠡ ᠰᠠᠯᠠᠭ᠎ᠠ ᠮᠦᠴᠢᠷ ᠪᠤᠶᠤ ᠨᠢᠭᠡ ᠰᠢᠰᠲ᠋ᠸᠮ ᠤᠨ ᠭᠠᠭᠴᠨ ᠲᠠᠯ᠎ᠠ ᠶᠢᠨ ᠬᠦᠴᠤᠨ ᠳᠤ ᠲᠦᠰᠢᠭᠯᠡᠵᠤ ᠪᠤᠯᠬᠤ ᠦᠭᠡᠢ᠂ ᠬᠠᠷᠢᠨ ᠪᠦᠬᠦ ᠨᠡᠢᠭᠡᠮ ᠤᠨ ᠬᠠᠯᠠᠮᠵᠢᠯᠠᠯ᠂ ᠬᠠᠮᠳᠤ ᠶᠢᠨ ᠲᠠᠨᠢᠯᠳᠠ ᠪᠠ ᠠᠵᠢᠯᠯᠠᠭ᠎ᠠ ᠶᠢ ᠨᠢᠭᠳᠠᠷᠠᠭᠤᠯᠬᠤ ᠭᠡᠷᠡᠭᠳᠡᠢ᠃ ᠡᠬᠦᠨ ᠤ ᠬᠠᠮᠳᠤ᠂ ᠦᠵᠡᠰᠬᠦᠯᠡᠩᠳᠤ ᠰᠠᠢᠬᠠᠨ ᠠᠮᠢ ᠠᠬᠤᠢ ᠤᠷᠴᠢᠨ ᠲᠤᠭᠤᠷᠢᠨ ᠤ ᠲᠤᠬᠠᠢ ᠬᠦᠰᠡᠯ ᠡᠷᠡᠮᠡᠯᠵᠡᠯ ᠶᠢᠠᠨ ᠢᠯᠡᠳᠭᠡᠵᠤ᠂《ᠬᠦᠭᠡᠮᠳᠦᠭ ᠨᠤᠭᠤᠭᠠᠨ ᠠᠭᠤᠯᠨ ᠤᠰᠤ ᠪᠤᠯ ᠠᠯᠳᠠ ᠮᠦᠩᠬᠦᠨ ᠠᠭᠤᠯᠨ ᠮᠦᠨ》ᠭᠡᠬᠦ ᠤᠢᠯᠠᠭᠠᠭᠳᠠᠬᠤᠨ ᠢ ᠬᠦᠮᠤᠰ ᠤᠨ ᠰᠡᠳᠬᠢᠯ ᠳᠤ ᠨᠡᠩ ᠬᠦᠨ ᠬᠠᠳᠠᠩᠰᠢᠭᠤᠯᠵᠠᠢ ᠭᠡᠵᠤ ᠢᠯᠡᠷᠭᠡᠢᠯᠡᠵᠡᠭᠡᠪᠡ᠃(ᠳ᠋ᠠᠢ ᠰᠢᠶᠦ᠋ᠩ)