ᠤᠳᠤ ᠶᠢᠨ ᠪᠠᠢ᠌ᠷᠢ᠄ ᠴᠢᠬᠤᠯᠠ ᠮᠡᠳᠡᠭᠡ → ᠡᠤ ᠴᠢᠩ ᠬᠠᠢ ᠪᠠᠶᠠᠷᠳᠤᠬᠤᠰᠢᠭᠤ ᠪᠠᠯᠭᠠᠰᠤᠨ ᠳᠤ᠁
ᠡᠤ ᠴᠢᠩ ᠬᠠᠢ ᠪᠠᠶᠠᠷᠳᠤᠬᠤᠰᠢᠭᠤ ᠪᠠᠯᠭᠠᠰᠤᠨ ᠳᠤ ᠬᠦᠷᠴᠤ ᠪᠤᠯᠭᠤᠬᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠪᠡ


        1ᠰᠠᠷ᠎ᠠ ᠶᠢᠨ22᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠪᠠᠶᠠᠷᠳᠤᠬᠤᠰᠢᠭᠤ ᠪᠠᠯᠭᠠᠰᠤᠨ ᠳᠤ ᠬᠦᠷᠴᠤ᠂ ᠤᠷᠢᠳ ᠬᠤᠵᠢᠳ ᠬᠤᠭᠤᠴᠠᠭ᠎ᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ᠂ ᠠᠬᠠᠮᠠᠳ ᠴᠡᠷᠢᠭ᠌ ᠡᠴᠨ ᠬᠠᠯᠠᠭᠳᠠᠭᠰᠠᠳ᠂ ᠠᠮᠢᠳᠤᠷᠠᠯ ᠬᠦᠴᠢᠷᠳᠡᠯᠳᠡᠢ ᠤᠯᠨᠨ ᠲᠦᠮᠨᠨ ᠪᠠ ᠭᠠᠴᠠᠭ᠎ᠠ ᠳᠤ ᠰᠠᠭᠤᠭ᠎ᠠ ᠠᠵᠢᠯᠯᠠᠬᠤ ᠠᠩᠬᠢ ᠶᠢᠨ ᠬᠢ ᠶᠢ ᠪᠤᠯᠭᠤᠬᠠᠨ ᠲᠤᠬᠤᠨᠢᠭᠤᠯᠵᠤ᠂ ᠲᠠᠳᠠᠨᠠᠷ ᠲᠤ ᠨᠠᠮ ᠵᠠᠰᠠᠭ ᠤᠨ ᠬᠠᠢᠷ᠎ᠠ ᠬᠠᠯᠠᠮᠵᠢ ᠶᠢ ᠬᠦᠷᠭᠡᠪᠡ᠃

        


        
             ᠡᠤ ᠴᠢᠩ ᠬᠠᠢ ᠨᠠᠷ ᠪᠠᠶᠠᠷᠳᠤᠬᠤᠰᠢᠭᠤ ᠪᠠᠯᠭᠠᠰᠤᠨ ᠤ ᠡᠮᠤᠨ᠎ᠡ ᠰᠠᠯᠠᠭ᠎ᠠ ᠭᠠᠴᠠᠭ᠎ᠠ᠂ ᠪᠠᠷᠢᠮᠳᠠ ᠭᠠᠴᠠᠭ᠎ᠠ ᠵᠡᠷᠭᠡ ᠭᠠᠵᠠᠷ ᠲᠤ ᠬᠦᠷᠴᠤ ᠬᠤᠭᠤᠴᠠᠭ᠎ᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠸᠰᠢᠰᠠᠩᠪᠤ᠂ ᠰᠤᠪᠤᠤᠨ ᠢ ᠪᠤᠯᠭᠤᠭᠠᠨ ᠲᠤᠬᠤᠨᠢᠭᠤᠯᠵᠤ᠂ ᠲᠠᠳᠠᠨᠠᠷ ᠤᠨ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠳᠤ ᠢᠳᠡᠪᠬᠢᠳᠠᠢ ᠬᠤᠪᠢ ᠨᠡᠮᠡᠷᠢ ᠦᠵᠡᠬᠦᠯᠦᠭᠰᠨᠨ ᠳᠤ ᠲᠠᠯᠠᠷᠬᠠᠬᠤ ᠶᠢᠨ ᠬᠠᠮᠳᠤ᠂ ᠬᠦᠨ ᠬᠦᠨᠳᠤᠳᠭᠡᠯ ᠪᠠ ᠲᠤᠳᠤᠨᠤ ᠮᠡᠨᠳᠤᠴᠢᠯᠡᠯ ᠬᠦᠷᠭᠡᠪᠡ᠃

        
             ᠠᠬᠠᠮᠠᠳ ᠴᠡᠷᠢᠭ᠌ ᠡᠴᠨ ᠬᠠᠯᠠᠭᠳᠠᠭᠰᠠᠳ ᠪᠠ ᠬᠦᠴᠢᠷᠳᠡᠯᠳᠡᠢ ᠤᠯᠨᠨ ᠲᠦᠮᠨᠨ ᠢ ᠲᠤᠬᠤᠨᠢᠭᠤᠯᠬᠤ ᠳᠡᠭᠡᠨ ᠲᠠᠳᠠᠨᠠᠷ ᠤᠨ ᠤᠢᠯᠡᠳᠪᠤᠷᠢᠯᠡᠯ ᠠᠮᠢᠳᠤᠷᠠᠯ ᠤᠨ ᠪᠠᠢᠳᠠᠯ ᠪᠠ ᠠᠵᠤ ᠠᠬᠤᠢ ᠶᠢᠨ ᠤᠷᠤᠯᠭ᠎ᠠ ᠶᠢᠨ ᠪᠠᠢᠳᠠᠯ ᠢ ᠨᠠᠷᠢᠯᠢᠭ ᠤᠢᠯᠠᠭᠠᠬᠤ ᠶᠢᠨ ᠬᠠᠮᠳᠤ᠂ ᠲᠤᠬᠤᠨᠢᠭᠤᠯᠬᠤ ᠮᠦᠩᠬᠦ ᠵᠢᠴᠢ ᠵᠢᠯ ᠴᠠᠭᠠᠨ ᠰᠠᠷ᠎ᠠ ᠶᠢᠨ ᠵᠦᠩᠨᠡᠯ ᠲᠠᠪᠰᠢᠬᠦᠯᠵᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠢ ᠲᠠᠳᠠᠨ ᠢ ᠬᠠᠪᠰᠤᠷᠤᠨ ᠪᠤᠳᠠᠳᠠᠢ ᠬᠦᠴᠢᠷᠳᠡᠯ ᠢ ᠦᠨᠡᠨᠬᠦ ᠰᠢᠢᠳᠪᠤᠷᠢᠯᠡᠵᠤ ᠦᠭᠬᠦ ᠭᠡᠷᠡᠭᠳᠡᠢ ᠭᠡᠵᠤ ᠵᠠᠬᠢᠪᠠ᠃

        
             ᠪᠠᠶᠠᠷᠳᠤᠬᠤᠰᠢᠭᠤ ᠪᠠᠯᠭᠠᠰᠤᠨ ᠤ ᠬᠤᠪᠤᠯᠳᠤ ᠭᠠᠴᠠᠭ᠎ᠠ ᠳᠤ ᠰᠠᠭᠤᠭ᠎ᠠ ᠠᠵᠢᠯᠯᠠᠬᠤ ᠠᠩᠬᠢ ᠶᠢᠨ ᠬᠢ ᠶᠢ ᠲᠤᠬᠤᠨᠢᠭᠤᠯᠬᠤ ᠳᠡᠭᠡᠨ ᠡᠤ ᠴᠢᠩ ᠬᠠᠢ ᠡᠴᠨ ᠠᠵᠢᠯᠯᠠᠬᠤ ᠠᠩᠬᠢ ᠶᠢᠨ ᠬᠠᠮᠢᠶ᠎ᠠ ᠪᠦᠬᠦᠢ ᠠᠵᠢᠯ ᠤᠨ ᠮᠡᠳᠡᠬᠦᠯᠤᠯᠳᠠ ᠶᠢ ᠨᠠᠷᠢᠯᠢᠭ ᠰᠤᠨᠤᠰᠴᠤ᠂ ᠭᠠᠴᠠᠭ᠎ᠠ ᠳᠤ ᠰᠠᠭᠤᠭ᠎ᠠ ᠬᠤᠭᠤᠴᠠᠭ᠎ᠠ ᠳᠠᠭᠠᠨ ᠠᠵᠢᠯᠯᠠᠬᠤ ᠠᠩᠬᠢ ᠶᠢᠨ ᠬᠢ ᠢᠳᠡᠪᠬᠢᠳᠠᠢ ᠤᠢᠯᠡᠳᠤᠯ ᠶᠢᠠᠨ ᠪᠠᠳᠠᠷᠠᠭᠤᠯᠵᠤ᠂ ᠭᠠᠴᠠᠭ᠎ᠠ ᠶᠢ ᠬᠠᠪᠰᠤᠷᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ᠂《ᠬᠤᠶᠠᠷ ᠵᠦᠪᠯᠡᠯ》᠋ ᠤᠨ ᠬᠤᠭᠤᠴᠠᠭ᠎ᠠ ᠰᠤᠯᠢᠬᠤ᠂ ᠮᠠᠯᠴᠢᠳ ᠤᠨ ᠭᠠᠷᠤᠯᠳᠠ ᠪᠠ ᠤᠷᠤᠯᠭ᠎ᠠ ᠶᠢ ᠨᠡᠮᠡᠭᠳᠡᠬᠦᠯᠬᠦ ᠲᠠᠯ᠎ᠠ ᠪᠡᠷ ᠬᠢᠭᠰᠡᠡ ᠠᠵᠢᠯ ᠢ ᠬᠦᠢᠴᠡᠳ ᠨᠤᠳᠠᠯᠠᠪᠠ᠃ ᠬᠠᠮᠳᠤ ᠳᠤᠨᠢ᠂ ᠭᠠᠴᠠᠭ᠎ᠠ ᠳᠤ ᠰᠠᠭᠤᠭ᠎ᠠ ᠺᠠᠳ᠋ᠷ ᠢ ᠬᠤᠪᠢ ᠪᠠᠶ᠎ᠠ ᠶᠢᠨ ᠲᠠᠪᠠᠭᠤᠯᠢᠭ ᠶᠢᠠᠨ ᠪᠠᠳᠠᠷᠠᠭᠤᠯᠵᠤ᠂ ᠭᠠᠴᠠᠭ᠎ᠠ ᠤ《ᠬᠤᠶᠠᠷ ᠵᠦᠪᠯᠡᠯ》᠋ ᠤᠨ ᠤᠳᠤᠷᠢᠳᠬᠤ ᠪᠠᠭ ᠢ ᠬᠠᠪᠰᠤᠷᠤᠨ ᠲᠠᠷᠠᠭᠠᠴᠢ ᠶᠢᠨ ᠠᠵᠢᠯ ᠶᠢᠠᠨ ᠲᠦᠯᠤᠪᠯᠡᠨ᠂ ᠮᠠᠯᠴᠢᠳ ᠤᠨ ᠮᠠᠯ ᠠᠵᠤ ᠠᠬᠤᠢ ᠶᠢᠨ ᠠᠵᠤ ᠤᠢᠯᠡᠰ ᠤᠨ ᠪᠦᠳᠤᠴᠨ ᠳᠤ ᠲᠤᠬᠢᠷᠠᠭᠤᠯᠤᠯᠳᠠ ᠬᠢᠵᠤ᠂ ᠮᠠᠯᠴᠢᠳ ᠢ ᠲᠠᠭᠠᠭᠤᠯᠤᠨ ᠪᠠᠶᠠᠵᠢᠨ ᠴᠢᠨᠡᠭᠡᠯᠢᠭᠵᠢᠬᠦᠯᠬᠦ ᠭᠡᠷᠡᠭᠳᠡᠢ ᠭᠡᠵᠤ ᠬᠦᠰᠡᠪᠡ᠃

        


        
             ᠡᠤ ᠴᠢᠩ ᠬᠠᠢ ᠨᠠᠷ ᠪᠠᠰᠨ ᠪᠠᠶᠠᠷᠳᠤᠬᠤᠰᠢᠭᠤ ᠪᠠᠯᠭᠠᠰᠤᠨ ᠤ ᠵᠢᠯ ᠴᠠᠭᠠᠨ ᠰᠠᠷ᠎ᠠ ᠶᠢᠨ ᠡᠮᠤᠨᠡᠬᠢ ᠠᠶᠤᠯᠬᠦᠢ ᠤᠢᠯᠡᠳᠪᠤᠷᠢᠯᠡᠯ ᠪᠠ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠬᠢᠨᠠᠨ ᠪᠠᠢᠴᠠᠭᠠᠵᠤ ᠵᠢᠯᠤᠭᠤᠳᠪᠠ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ 《ᠰᠠᠷ᠎ᠠ ᠪᠦᠷᠢ ᠶᠢᠨ ᠬᠠᠤᠯᠢ ᠶᠢᠨ ᠰᠤᠷᠤᠯᠴᠠᠯᠭ᠎ᠠ》᠋ ᠶᠢᠨ ᠮᠡᠳᠡᠯᠭᠡ ᠶᠢᠨ ᠲᠠᠢᠯᠤᠮᠵᠢ ᠶᠢᠨ ᠠᠵᠢᠯᠯᠠᠭ᠎ᠠ ᠦᠷᠨᠢᠬᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠠᠵᠢᠯ ᠡᠴᠨ ᠪᠠᠨ ᠠᠮᠠᠷᠠᠭᠰᠨᠨ ᠠᠬᠠᠮᠠᠳ ᠺᠠᠳ᠋ᠷᠴᠤᠤᠨ ᠢ ᠪᠤᠯᠭᠤᠭᠠᠨ ᠲᠤᠬᠤᠨᠢᠭᠤᠯᠪᠠ