ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠪᠦᠬᠦ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢᠭᠤᠯᠵᠤ᠂ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠡᠴᠨ ᠡᠮᠤᠨᠡᠬᠢ ᠲᠦᠪᠯᠡᠷᠡᠭᠰᠨᠨ ᠰᠤᠷᠤᠯᠴᠠᠯᠭ᠎ᠠ ᠦᠷᠨᠢᠬᠦᠯᠪᠡ

1 ᠰᠠᠷ᠎ᠠ ᠶᠢᠨ26᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠭᠡᠯᠳᠡᠰ ᠤᠨ ᠦᠨᠳᠤᠰᠤᠳᠠᠨ ᠤ ᠠᠵᠢᠯ ᠢ ᠴᠢᠩᠭᠠᠳᠬᠠᠨ ᠰᠠᠢᠵᠢᠷᠠᠭᠤᠯᠬᠤ ᠲᠤᠬᠠᠢ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠱᠠᠭᠠᠷᠳᠠᠯᠭ᠎ᠠ ᠶᠤᠰᠤᠭᠠᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠡᠬᠦᠷ ᠪᠦᠬᠦ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢᠭᠤᠯᠵᠤ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠡᠮᠤᠨᠡᠬᠢ ᠲᠦᠪᠯᠡᠷᠡᠭᠰᠡᠡ ᠰᠤᠷᠤᠯᠴᠠᠯᠭ᠎ᠠ ᠦᠷᠨᠢᠬᠦᠯᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ᠂ ᠦᠷᠡᠪᠠᠳᠤ᠂ ᠰᠦᠩ ᠯᠢᠶᠠᠨ ᠡᠾᠦ᠋ᠢ ᠡᠩ ᠤᠨ ᠨᠠᠮ ᠤᠨ ᠭᠡᠰᠢᠬᠦᠨ ᠤ ᠬᠤᠪᠢ ᠪᠡᠷ ᠨᠠᠮ ᠤᠨ ᠡᠬᠦᠷ ᠤᠨ ᠲᠤᠰᠬᠠᠢ ᠰᠡᠳᠤᠪᠳᠤ ᠠᠮᠢᠳᠤᠷᠠᠯ ᠤᠨ ᠬᠤᠷᠠᠯ ᠤᠨ ᠡᠮᠤᠨᠡᠬᠢ ᠰᠤᠷᠤᠯᠴᠠᠯᠭ᠎ᠠ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠯᠠᠪᠠᠨ ᠭᠡᠷ ᠤᠨ ᠲᠠᠳ᠋ ᠡᠷᠬᠢᠯᠡᠭᠴᠢ ᠬᠠᠢ ᠶᠢᠩ ᠲᠤᠰ ᠤᠳᠠᠭᠠᠨ ᠤ ᠰᠤᠷᠤᠯᠴᠠᠯᠭ᠎ᠠ ᠶᠢ ᠡᠷᠬᠢᠯᠡᠵᠤ᠂ ᠪᠠᠢᠭᠤᠯᠭ᠎ᠠ ᠶᠢᠨ ᠨᠠᠮ ᠤᠨ ᠡᠬᠦᠷ ᠤᠨ ᠲᠠᠳ᠋ ᠱᠦᠵᠢ ᠹᠦ᠋ ᠶᠢᠨ ᠱᠠᠨ᠂ ᠨᠠᠮ ᠤᠨ ᠡᠬᠦᠷ ᠤᠨ ᠤᠬᠠᠭᠤᠯᠬᠤ ᠭᠡᠰᠢᠬᠦᠨ ᠮᠸᠢ ᠶᠢᠩ᠂ ᠬᠢᠨᠠᠨ ᠪᠠᠢᠴᠠᠭᠠᠬᠤ ᠪᠠ ᠬᠠᠤᠯᠢ ᠴᠠᠭᠠᠵᠨ ᠶᠢᠨ ᠠᠵᠢᠯ ᠤᠨ ᠵᠦᠪᠯᠡᠯ ᠤᠨ ᠡᠷᠬᠢᠯᠡᠭᠴᠢ ᠠᠯᠳᠠᠨᠸᠴᠢᠷ ᠲᠠᠭᠠᠭᠤᠯᠤᠨ ᠰᠤᠷᠤᠯᠴᠠᠪᠠ᠃

ᠬᠤᠷᠠᠯ ᠲᠠᠭᠡᠷ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ᠂ ᠰᠢ ᠵᠢᠨ ᠫᠢᠩ ᠶᠡᠷᠤᠩᠭᠡᠢ ᠱᠦᠵᠢ ᠶᠢᠨ ᠤᠯᠤᠰ ᠤᠨ ᠨᠡᠢᠳᠠᠮ ᠭᠡᠷᠡᠭᠯᠡᠬᠦ ᠦᠭᠡ ᠭᠡᠯᠨ ᠦᠰᠦᠭ ᠪᠢᠴᠢᠭ᠌ ᠤᠨ ᠲᠤᠬᠠᠢ ᠰᠤᠷᠭᠠᠨ ᠬᠦᠮᠤᠵᠢᠯ ᠤᠨ ᠴᠢᠬᠤᠯᠨ ᠦᠬᠦᠯᠡᠯᠳᠠ᠂ ᠵᠢᠭᠠᠪᠤᠷᠢ ᠶᠢᠨ ᠵᠤᠷᠢᠭ ᠰᠠᠨᠠᠭ᠎ᠠ ᠵᠡᠷᠭᠡ ᠴᠢᠬᠤᠯᠨ ᠠᠭᠤᠯᠭ᠎ᠠ ᠶᠢ ᠰᠤᠷᠤᠯᠴᠠᠪᠠ᠃


ᠬᠤᠷᠠᠯ ᠡᠴᠨ᠂ ᠤᠯᠤᠰ ᠲᠦᠷᠤ ᠶᠢᠨ ᠵᠤᠭᠰᠤᠴᠨ ᠪᠠᠨ ᠲᠠᠭᠡᠭᠰᠢᠯᠡᠬᠦᠯᠵᠤ᠂ ᠲᠤᠰᠬᠠᠢ ᠰᠡᠳᠤᠪᠳᠤ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠢ ᠴᠢᠨᠠᠷ ᠰᠠᠢᠳᠠᠢ ᠬᠤᠷᠠᠯᠳᠤᠭᠤᠯᠬᠤ ᠤᠯᠤᠰ ᠲᠦᠷᠤ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠤᠢᠯᠨ ᠠᠵᠢᠯᠯᠠᠭᠠᠨ ᠤ ᠤᠬᠠᠮᠰᠠᠷ ᠢ ᠦᠨᠡᠨᠬᠦ ᠴᠢᠩᠭᠠᠳᠬᠠᠬᠤ ᠭᠡᠷᠡᠭᠳᠡᠢ᠃ ᠤᠨᠤᠯ ᠶᠢᠠᠷ ᠵᠡᠪᠰᠡᠭᠯᠡᠬᠦ ᠶᠢ ᠦᠷᠬᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠠ ᠪᠦᠳᠤᠭᠡᠯ ᠢ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠪᠦᠬᠦ ᠶᠠᠪᠤᠴᠨ ᠳᠤ ᠲᠤᠭᠤᠰᠢᠯᠠᠭᠤᠯᠤᠨ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠬᠦᠯᠬᠦ ᠭᠡᠷᠡᠭᠳᠡᠢ᠃ ᠦᠷᠭᠡᠨ ᠶᠢᠠᠷ ᠰᠠᠨᠠᠯ ᠬᠤᠷᠢᠶᠠᠵᠤ᠂ ᠶᠠᠷᠢᠯᠴᠠᠭ᠎ᠠ ᠦᠷᠨᠢᠬᠦᠯᠤᠨ᠂ ᠬᠠᠷᠭᠤᠭᠤᠯᠤᠨ ᠪᠠᠢᠴᠠᠭᠠᠬᠤ ᠮᠠᠲ᠋ᠸᠷᠢᠶᠠᠯ ᠢ ᠨᠠᠷᠢᠨ ᠬᠢᠨᠠᠮᠠᠭᠠᠢ ᠪᠢᠴᠢᠵᠤ᠂ ᠵᠤᠬᠢᠶᠠᠨ ᠪᠠᠢᠭᠤᠯᠤᠯᠳᠠ ᠶᠢᠨ ᠠᠮᠢᠳᠤᠷᠠᠯ ᠤᠨ ᠬᠤᠷᠠᠯ ᠢ ᠰᠠᠢᠳᠤᠷ ᠬᠤᠷᠠᠯᠳᠤᠭᠤᠯᠬᠤ ᠳᠤ ᠬᠦᠢᠴᠡᠳ ᠪᠡᠯᠡᠳᠭᠡᠯ ᠬᠢᠵᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠢ ᠦᠨᠡᠨᠬᠦ ᠦᠷᠨᠢᠬᠦᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠡᠯ᠎ᠠ ᠲᠦᠷᠤᠯ ᠤᠨ ᠠᠵᠢᠯ ᠳᠤ ᠲᠠᠬᠢᠨᠳᠠ ᠰᠢᠯᠢᠳᠡᠭ ᠠᠮᠵᠢᠯᠳᠠ ᠡᠬᠦᠳᠬᠦ ᠶᠢ ᠠᠬᠢᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃(ᠳ᠋ᠠᠢ ᠰᠢᠶᠦ᠋ᠩ)