ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠪᠠᠭ ᠤᠨ ᠬᠢᠨ 2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠤᠨᠡᠬᠢ ᠲᠦᠪᠯᠡᠷᠡᠭᠰᠨᠨ ᠰᠤᠷᠤᠯᠴᠠᠯᠭ᠎ᠠ ᠦᠷᠨᠢᠬᠦᠯᠪᠡ

1 ᠰᠠᠷ᠎ᠠ ᠶᠢᠨ 26᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠪᠠᠭ ᠤᠨ ᠬᠢᠨ2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠤᠨᠡᠬᠢ ᠲᠦᠪᠯᠡᠷᠡᠭᠰᠨᠨ ᠰᠤᠷᠤᠯᠴᠠᠯᠭ᠎ᠠ ᠦᠷᠨᠢᠬᠦᠯᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠪᠦᠷᠢᠯᠳᠤᠬᠦᠨ ᠭᠡᠰᠢᠬᠦᠨ ᠡᠤ ᠰᠢᠶᠤᠤ᠂ ᠦᠷᠡᠪᠠᠳᠤ᠂ ᠰᠦᠩ ᠯᠢᠶᠠᠨ ᠡᠾᠦ᠋ᠢ ᠰᠤᠷᠤᠯᠴᠠᠯᠭ᠎ᠠ ᠳᠤ ᠤᠷᠤᠯᠴᠠᠵᠤ᠂ ᠡᠤ ᠴᠢᠩ ᠬᠠᠢ ᠬᠤᠷᠠᠯ ᠡᠷᠬᠢᠯᠡᠪᠡ᠃

ᠬᠤᠷᠠᠯ ᠲᠠᠭᠡᠷ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯ ᠤᠨ ᠠᠯᠪᠠᠨ ᠮᠡᠳᠡᠭᠡ᠂ ᠰᠢ ᠵᠢᠨ ᠫᠢᠩ ᠶᠡᠷᠤᠩᠭᠡᠢ ᠱᠦᠵᠢ ᠶᠢᠨ ᠪᠦᠬᠦ ᠤᠯᠤᠰ ᠤᠨ ᠰᠢᠨ᠎ᠡ ᠲᠢᠳᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠲᠠᠢ ᠲᠠᠮᠡᠴᠡᠬᠦ ᠬᠦᠬᠢᠬᠦᠯᠤᠨ ᠰᠠᠢᠰᠢᠶᠠᠬᠤ ᠶᠡᠭᠡ ᠬᠤᠷᠠᠯ ᠲᠠᠭᠡᠷᠡᠬᠢ ᠶᠠᠷᠢᠶ᠎ᠠ᠂ ᠰᠢ ᠵᠢᠨ ᠫᠢᠩ ᠶᠡᠷᠤᠩᠭᠡᠢ ᠱᠦᠵᠢ ᠶᠢᠨ ᠲᠤᠮᠳᠠᠳᠤ ᠤᠯᠤᠰ ᠤᠨ ᠠᠷᠠᠳ ᠤᠨ ᠰᠠᠢᠨ ᠲᠤᠷ᠎ᠠ ᠶᠢᠨ ᠴᠡᠷᠢᠭ ᠤᠨ ᠠᠮᠸᠷᠢᠺᠠ ᠶᠢ ᠡᠰᠡᠷᠬᠦᠴᠡᠵᠤ ᠰᠤᠯᠤᠩᠭᠤᠰ ᠢ ᠲᠤᠰᠠᠯᠠᠭᠰᠠᠨ ᠭᠠᠳᠠᠭᠠᠳᠤ ᠳᠤ ᠭᠠᠷᠴᠤ ᠲᠠᠢᠨ ᠬᠢᠭᠰᠡᠡ 70 ᠵᠢᠯ ᠤᠨ ᠤᠢ ᠶᠢ ᠲᠤᠷᠠᠰᠬᠠᠬᠤ ᠶᠡᠭᠡ ᠬᠤᠷᠠᠯ ᠲᠠᠭᠡᠷᠡᠭᠢ ᠶᠠᠷᠢᠶ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠮᠢᠶ᠎ᠠ ᠪᠦᠬᠦᠢ ᠠᠭᠤᠯᠭ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ᠂ ᠨᠠᠮ ᠤᠨ ᠤᠯᠤᠰ ᠲᠦᠷᠤ ᠶᠢᠨ ᠪᠦᠳᠤᠭᠡᠨ ᠪᠠᠢᠭᠤᠯᠤᠯᠳᠠ ᠶᠢ ᠴᠢᠩᠭᠠᠳᠬᠠᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠰᠠᠨᠠᠯ᠂ ᠰᠢ ᠵᠢᠨ ᠫᠢᠩ ᠶᠡᠷᠤᠩᠭᠡᠢ ᠱᠦᠵᠢ ᠶᠢᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠲᠤᠬᠠᠢ ᠴᠢᠬᠤᠯᠨ ᠦᠬᠦᠯᠡᠯᠳᠠ ᠶᠢᠨ ᠲᠠᠬᠦᠪᠤᠷᠢ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠤᠨ ᠲᠤᠬᠠᠢ ᠶᠡᠷᠤᠩᠭᠡᠢ ᠱᠦᠵᠢ ᠰᠢ ᠵᠢᠨ ᠫᠢᠩ ᠤᠨ ᠴᠢᠬᠤᠯᠨ ᠶᠠᠷᠢᠶᠠᠨ ᠤ ᠵᠤᠷᠢᠭ ᠰᠠᠨᠠᠭᠠ᠋ ᠶᠢ ᠲᠦᠪᠯᠡᠷᠡᠬᠦᠯᠤᠨ ᠰᠤᠷᠤᠯᠴᠠᠪᠠ᠃

ᠬᠤᠷᠠᠯ ᠡᠴᠨ᠂ ᠤᠯᠤᠰ ᠲᠦᠷᠤ ᠶᠢᠨ ᠵᠤᠭᠰᠤᠴᠨ ᠪᠠᠨ ᠦᠨᠡᠨᠬᠦ ᠲᠠᠭᠡᠭᠰᠢᠯᠡᠬᠦᠯᠵᠤ᠂ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠪᠠᠭ ᠤᠨ2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠢᠳᠠᠢ ᠰᠠᠢᠳᠤᠷ ᠬᠤᠷᠠᠯᠳᠤᠭᠤᠯᠬᠤ ᠤᠯᠤᠰ ᠲᠦᠷᠤ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠤᠢᠯᠨ ᠠᠵᠢᠯᠯᠠᠭᠠᠨ ᠤ ᠤᠬᠠᠮᠰᠠᠷ ᠶᠢᠠᠨ ᠴᠢᠩᠭᠠᠳᠬᠠᠵᠤ᠂ ᠤᠨᠤᠯ ᠤᠨ ᠵᠡᠪᠰᠡᠭᠯᠡᠯ ᠶᠢᠠᠨ ᠦᠷᠬᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠠ ᠪᠦᠳᠤᠭᠡᠯ ᠢ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠦᠬᠦ ᠶᠠᠪᠤᠴᠨ ᠳᠤ ᠲᠤᠭᠤᠰᠢᠯᠠᠭᠤᠯᠤᠨ᠂ ᠲᠤᠭ ᠲᠡᠮᠳᠡᠭ ᠲᠤᠳᠤᠷᠬᠠᠢ ᠪᠡᠷ ᠤᠯᠤᠰ ᠲᠦᠷᠤ ᠶᠢ ᠡᠷᠬᠢᠮᠯᠡᠬᠦ᠂ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠤᠢᠯᠠᠭᠠᠬᠤ ᠴᠢᠳᠠᠪᠤᠷᠢ᠂ ᠤᠯᠤᠰ ᠲᠦᠷᠤ ᠶᠢᠨ ᠭᠡᠷᠡᠭᠵᠢᠬᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠲᠠᠭᠡᠭᠰᠢᠯᠡᠬᠦᠯᠵᠤ᠂ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠢᠳᠠᠢ ᠰᠠᠢᠳᠤᠷ ᠬᠤᠷᠠᠯᠳᠤᠭᠤᠯᠬᠤ ᠭᠡᠷᠡᠭᠳᠡᠢ ᠭᠡᠵᠤ ᠱᠠᠭᠠᠷᠳᠠᠵᠠᠢ᠃
(ᠳ᠋ᠠᠢ ᠰᠢᠶᠦ᠋ᠩ)