ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠨᠠᠮ ᠤᠨ ᠭᠡᠰᠢᠬᠦᠨ ᠺᠠᠳ᠋ᠷᠴᠤᠤᠨ ᠤᠨ ᠶᠡᠭᠡ ᠬᠤᠷᠠᠯ ᠬᠤᠷᠠᠯᠳᠤᠭᠤᠯᠪᠠ


1 ᠰᠠᠷ᠎ᠠ ᠶᠢᠨ27᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠨᠠᠮ ᠤᠨ ᠭᠡᠰᠢᠬᠦᠨ ᠺᠠᠳ᠋ᠷᠴᠤᠤᠨ ᠤᠨ ᠶᠡᠭᠡ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠳᠤ ᠤᠷᠤᠯᠴᠠᠵᠤ᠂ ᠡᠤ ᠴᠢᠩ ᠬᠠᠢ ᠬᠤᠷᠠᠯ ᠡᠷᠬᠢᠯᠡᠪᠡ᠃



ᠬᠤᠷᠠᠯ ᠲᠠᠭᠡᠷ᠎ᠠ᠂ ᠰᠢ ᠵᠢᠨ ᠫᠢᠩ ᠶᠡᠷᠤᠩᠭᠡᠢ ᠱᠦᠵᠢ ᠶᠢᠨ ᠠᠷᠪᠠ ᠶᠢᠰᠤᠳᠤᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯᠳᠤᠭᠠᠨ ᠲᠠᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠵᠢᠴᠢ 2020 ᠤᠨ ᠤ ᠨᠠᠮ ᠤᠨ ᠭᠡᠰᠢᠬᠦᠨ ᠤᠳᠤᠷᠢᠳᠬᠤ ᠺᠠᠳ᠋ᠷᠴᠤᠤᠨ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠠᠷᠢᠨ ᠬᠢᠨᠠᠮᠭᠠᠢ ᠰᠠᠢᠳᠤᠷ ᠬᠤᠷᠠᠯᠳᠤᠭᠤᠯᠬᠤ ᠲᠤᠬᠠᠢ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃


ᠡᠤ ᠴᠢᠩ ᠬᠠᠢ ᠡᠴᠨ᠂ ᠦᠵᠡᠯ ᠰᠠᠨᠠᠭᠠᠨ ᠤ ᠲᠠᠯ᠎ᠠ ᠪᠡᠷ ᠲᠠᠭᠡᠳᠤ ᠭᠡᠮᠵᠢᠶ᠎ᠠ ᠪᠡᠷ ᠴᠢᠬᠤᠯᠠᠴᠢᠯᠠᠵᠤ᠂ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠠᠯᠩ᠂ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠪᠠ ᠪᠠᠢᠭᠤᠯᠭ᠎ᠠ ᠶᠢᠨ ᠨᠡᠮ ᠤᠨ ᠡᠬᠦᠷ ᠤᠨ ᠨᠠᠮ ᠤᠨ ᠤᠳᠤᠷᠢᠳᠬᠤ ᠲᠤᠭᠤᠢᠯᠠᠩ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠨᠠᠮ ᠤᠨ ᠡᠬᠦᠷ ᠤᠨ ᠵᠤᠬᠢᠶᠠᠨ ᠪᠠᠢᠭᠤᠯᠤᠯᠳᠠ ᠶᠢᠨ ᠬᠤᠷᠠᠯ ᠢ ᠨᠠᠷᠢᠯᠢᠭ ᠪᠡᠯᠡᠳᠭᠡᠬᠦ ᠭᠡᠷᠡᠭᠳᠡᠢ᠃ ᠬᠠᠷᠢᠴᠠᠭᠤᠯᠤᠨ ᠪᠠᠢᠴᠠᠭᠠᠬᠤ ᠮᠠᠲ᠋ᠸᠷᠢᠶᠠᠯ ᠶᠢᠠᠨ ᠨᠠᠷᠢᠨ ᠬᠢᠨᠠᠮᠠᠭᠠᠢ ᠪᠢᠴᠢᠵᠤ᠂ ᠨᠠᠮ ᠤᠨ ᠭᠡᠰᠢᠬᠦᠨ ᠤᠳᠤᠷᠢᠳᠬᠤ ᠺᠠᠳ᠋ᠷᠴᠤᠤᠨ ᠪᠠᠶ᠎ᠠ ᠪᠡᠷ ᠶᠢᠠᠨ ᠤᠷᠤᠯᠴᠠᠵᠤ᠂ ᠦᠵᠡᠯ ᠰᠠᠨᠠᠭᠠᠨ ᠤ ᠬᠦᠨ ᠳᠡᠬᠢ ᠠᠰᠠᠭᠤᠳᠠᠯ ᠢ ᠬᠦᠨᠵᠡᠭᠡᠢ ᠡᠷᠢᠵᠤ᠂ ᠬᠠᠷᠢᠭᠤᠴᠠᠭᠤᠯᠤᠨ ᠪᠠᠢᠴᠠᠭᠠᠬᠤ ᠳᠠᠭᠠᠨ ᠨᠢᠭᠤᠨ ᠲᠠᠯᠳᠠᠯᠠᠵᠤ ᠪᠤᠯᠬᠤ ᠦᠭᠡᠢ᠂ ᠦᠨᠡᠨ ᠡᠴᠨ ᠵᠦᠪ ᠢ ᠡᠷᠢᠬᠦ ᠭᠡᠷᠡᠭᠳᠡᠢ᠃ ᠤᠯᠤᠰ ᠲᠦᠷᠤ ᠶᠢᠨ ᠲᠠᠯ᠎ᠠ ᠪᠡᠷ ᠬᠢ ᠰᠡᠷᠭᠡᠭ ᠴᠢᠨᠠᠷ ᠢ ᠴᠢᠩᠭᠠᠳᠬᠠᠵᠤ᠂ ᠨᠡᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠪᠠ ᠤᠳᠤᠷᠢᠳᠬᠤ ᠪᠠᠭ ᠤᠨ ᠪᠦᠷᠢᠯᠳᠤᠬᠦᠨ ᠭᠡᠰᠢᠬᠦᠨ ᠲᠠᠭᠤᠷᠢᠶᠠᠯ ᠵᠢᠱᠢᠶᠡᠴᠢ ᠤᠢᠯᠡᠳᠤᠯ ᠦᠵᠡᠬᠦᠯᠵᠤ᠂ ᠬᠤᠪᠢᠶᠠᠳᠠᠨ ᠬᠠᠷᠢᠭᠤᠴᠠᠭᠰᠨᠨ ᠵᠦᠪᠯᠡᠯ ᠠᠯᠪᠠᠨ ᠭᠡᠷ ᠤᠨ ᠺᠠᠳ᠋ᠷ ᠤᠨ ᠬᠠᠷᠢᠴᠠᠭᠤᠯᠤᠨ ᠪᠠᠢᠴᠠᠭᠠᠬᠤ ᠮᠠᠲ᠋ᠸᠷᠢᠶᠠᠯ ᠤᠨ ᠴᠢᠨᠠᠷ ᠴᠢᠨᠰᠠᠭ᠎ᠠ ᠶᠢ ᠰᠠᠢᠳᠤᠷ ᠡᠵᠡᠮᠳᠡᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠤᠬᠢᠶᠠᠨ ᠪᠠᠢᠭᠤᠯᠤᠯᠳᠠ ᠶᠢᠨ ᠬᠤᠷᠠᠯ ᠢ ᠴᠢᠨᠠᠷ ᠰᠠᠢᠳᠤᠷ ᠬᠤᠷᠠᠯᠳᠤᠭᠤᠯᠬᠤ ᠳᠤ ᠬᠦᠢᠴᠡᠳ ᠪᠠᠯᠡᠳᠭᠡᠯ ᠬᠢᠬᠦ ᠭᠡᠷᠡᠭᠳᠡᠢ ᠭᠡᠵᠤ ᠴᠢᠬᠤᠯᠠᠴᠢᠯᠠᠵᠠᠢ᠃

ᠡᠤ ᠴᠢᠩ ᠬᠠᠢ ᠪᠠᠰᠨ ᠪᠠᠢᠭᠤᠯᠭ᠎ᠠ ᠶᠢᠨ ᠠᠯᠪᠠᠨ ᠪᠢᠴᠢᠭ᠌ ᠢ ᠬᠤᠷᠢᠶᠠᠨ ᠲᠠᠷᠬᠠᠭᠠᠬᠤ ᠠᠵᠢᠯ᠂ ᠨᠢᠭᠤᠴᠨ ᠶᠢ ᠬᠠᠮᠠᠭᠠᠯᠠᠬᠤ ᠪᠠ ᠲᠠᠩᠰᠨ ᠡᠪᠭᠡᠮᠡᠯ ᠤᠨ ᠬᠠᠮᠢᠶᠠᠷᠤᠯᠳᠠ ᠶᠢᠨ ᠠᠵᠢᠯ ᠢ ᠰᠠᠢᠳᠤᠷ ᠬᠢᠬᠦ ᠲᠤᠬᠠᠢ ᠪᠤᠳᠠᠳᠠᠢ ᠱᠠᠭᠠᠷᠳᠠᠯᠭ᠎ᠠ ᠲᠤᠷᠠᠳᠴᠠᠢ᠃(ᠳ᠋ᠠᠢ ᠰᠢᠶᠦ᠋ᠩ)