ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠤᠨᠡᠬᠢ ᠲᠦᠪᠯᠡᠷᠡᠬᠦᠯᠤᠨ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠦᠷᠨᠢᠬᠦᠯᠪᠡ
1 ᠰᠠᠷ᠎ᠠ ᠶᠢᠨ27᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠨᠠᠮ ᠤᠨ ᠤᠳᠤᠷᠢᠳᠬᠤ ᠲᠤᠭᠤᠢᠯᠠᠩ ᠤᠨ ᠤᠨᠤᠯ ᠤᠨ ᠭᠤᠤᠯ ᠲᠤᠭᠤᠢᠯᠠᠩ ᠤᠨ ᠠᠩᠬᠠᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠵᠢᠴᠢ 2020 ᠤᠨ ᠤ ᠨᠠᠮ ᠤᠨ ᠭᠡᠰᠢᠬᠦᠨ ᠤᠳᠤᠷᠢᠳᠬᠤ ᠺᠠᠳ᠋ᠷᠴᠤᠤᠨ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠤᠨᠡᠬᠢ ᠲᠦᠪᠯᠡᠷᠡᠭᠰᠨᠨ ᠰᠤᠷᠤᠯᠴᠠᠯᠭ᠎ᠠ ᠦᠷᠨᠢᠬᠦᠯᠪᠡ᠃

ᠬᠤᠷᠠᠯ ᠲᠠᠭᠡᠷ᠎ᠠ᠂ ᠨᠠᠮ ᠤᠨ ᠤᠳᠤᠷᠢᠳᠬᠤ ᠲᠤᠭᠤᠢᠯᠠᠩ ᠤᠨ ᠤᠳᠤᠷᠢᠳᠬᠤ ᠪᠠᠭ ᠤᠨ ᠪᠦᠷᠢᠯᠳᠤᠬᠦᠨ ᠭᠡᠰᠢᠬᠦᠨ《ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ》《ᠰᠢ ᠵᠢᠨ ᠫᠢᠩ ᠶᠡᠷᠤᠩᠭᠡᠢ ᠱᠦᠵᠢ ᠶᠢᠨ ᠪᠦᠬᠦ ᠤᠯᠤᠰ ᠤᠨ ᠰᠢᠨ᠎ᠡ ᠲᠢᠳᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠲᠠᠢ ᠲᠠᠮᠡᠴᠡᠬᠦ ᠬᠦᠬᠢᠬᠦᠯᠤᠨ ᠰᠠᠢᠰᠢᠶᠠᠬᠤ ᠬᠤᠷᠠᠯ ᠲᠠᠭᠡᠷᠡᠬᠢ ᠶᠠᠷᠢᠶᠠᠨ ᠤ ᠵᠤᠷᠢᠭ ᠰᠠᠨᠠᠭ᠎ᠠ》《ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠭᠡᠯ ᠦᠭᠬᠦ ᠲᠦᠷᠢᠮ》《ᠲᠤᠮᠳᠠᠳᠤ ᠤᠯᠤᠰ ᠤᠨ ᠡᠪ ᠬᠠᠮᠳᠤ ᠨᠠᠮ ᠤᠨ ᠬᠠᠷᠢᠭᠤᠴᠠᠯᠭ᠎ᠠ ᠨᠡᠭᠡᠮᠵᠢᠯᠡᠬᠦ ᠲᠦᠷᠢᠮ》《ᠰᠢ ᠵᠢᠨ ᠫᠢᠩ ᠶᠡᠷᠤᠩᠭᠡᠢ ᠱᠦᠵᠢ ᠶᠢᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠴᠢᠬᠤᠯᠨ ᠦᠬᠦᠯᠡᠯᠳᠠ ᠶᠢᠨ ᠲᠠᠬᠦᠪᠤᠷᠢ》《ᠰᠢ ᠵᠢᠨ ᠫᠢᠩ ᠶᠡᠷᠤᠩᠭᠡᠢ ᠱᠦᠵᠢ ᠶᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠲᠤᠬᠠᠢ ᠴᠢᠬᠤᠯᠨ ᠶᠠᠷᠢᠶᠠᠨ ᠤ ᠵᠤᠷᠢᠭ ᠰᠠᠨᠠᠭ᠎ᠠ》ᠵᠡᠷᠭᠡ ᠠᠭᠤᠯᠭ᠎ᠠ ᠶᠢ ᠰᠤᠷᠤᠯᠴᠠᠪᠠ᠃

ᠬᠤᠷᠠᠯ ᠡᠴᠨ᠂ ᠤᠨᠤᠯ ᠤᠨ ᠰᠤᠷᠤᠯᠴᠠᠯᠭ᠎ᠠ ᠶᠢ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠦᠬᠦ ᠶᠠᠪᠤᠴᠨ ᠳᠤ ᠲᠤᠭᠤᠰᠢᠯᠠᠭᠤᠯᠬᠤ ᠶᠢ ᠪᠠᠷᠢᠮᠳᠠᠯᠠᠵᠤ᠂ ᠲᠦᠪᠯᠡᠷᠡᠨ ᠰᠤᠷᠤᠯᠴᠠᠭᠰᠨᠨ ᠤ ᠰᠠᠭᠤᠷᠢᠨ ᠲᠠᠭᠡᠷ᠎ᠠ᠂ ᠬᠤᠪᠢ ᠬᠦᠮᠤᠨ ᠤ ᠰᠤᠷᠤᠯᠴᠠᠯᠭ᠎ᠠ ᠶᠢ ᠦᠷᠬᠦᠯᠵᠢᠯᠡᠨ ᠰᠠᠢᠳᠤᠷ ᠠᠳᠬᠤᠨ᠂ ᠡᠷᠭᠡᠪᠰᠢ ᠵᠤᠷᠢᠭ ᠰᠠᠨᠠᠭ᠎ᠠ ᠶᠢ ᠤᠢᠯᠠᠭᠠᠬᠤ᠂ ᠮᠦᠨ ᠴᠢᠨᠠᠷ ᠢ ᠲᠤᠭᠤᠷᠠᠳᠠᠯ᠎ᠠ ᠤᠢᠯᠠᠭᠠᠬᠤ ᠲᠠᠯ᠎ᠠ ᠪᠡᠷ ᠬᠦᠴᠤ ᠤᠷᠤᠭᠤᠯᠵᠤ᠂ ᠦᠷ᠎ᠠ ᠪᠦᠳᠤᠮᠵᠢ ᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠢᠳᠤᠷ ᠬᠢᠬᠦ ᠳᠤ ᠦᠵᠡᠯ ᠰᠠᠨᠠᠭᠠᠨ ᠤ ᠰᠠᠭᠤᠷᠢ ᠶᠢ ᠪᠠᠳᠤ ᠲᠠᠯᠪᠢᠬᠤ ᠭᠡᠷᠡᠭᠳᠡᠢ ᠭᠡᠵᠤ ᠱᠠᠭᠠᠷᠳᠠᠵᠠᠢ᠃(ᠳ᠋ᠠᠢ ᠰᠢᠶᠦ᠋ᠩ)