ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠦᠰᠤᠪ ᠤᠨ ᠰᠦᠯᠵᠢᠶᠠᠨ ᠤ ᠬᠢᠨᠠᠯᠳᠠ ᠲᠠᠯᠪᠢᠬᠤ ᠰᠢᠰᠲ᠋ᠸᠮ ᠤᠨ ᠪᠦᠳᠤᠭᠡᠨ ᠪᠠᠢᠭᠤᠯᠤᠯᠳᠠ ᠶᠢᠨ ᠲᠦᠷᠤᠯ ᠵᠤᠢᠯ ᠢ ᠡᠬᠢᠯᠡᠬᠦᠯᠬᠦ ᠬᠤᠷᠠᠯ ᠬᠤᠷᠠᠯᠳᠤᠭᠤᠯᠪᠠ

    

        


        

      《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠬᠢᠨᠠᠯᠳᠠ ᠲᠠᠯᠪᠢᠬᠤ ᠬᠠᠤᠯᠢ》《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠲᠦᠰᠤᠪ ᠤᠨ ᠬᠠᠤᠯᠢ》ᠵᠡᠷᠭᠡ ᠬᠠᠤᠯᠢ ᠴᠠᠭᠠᠵᠨ ᠬᠠᠤᠯᠢ ᠲᠦᠷᠢᠮ ᠤᠨ ᠬᠠᠮᠢᠶ᠎ᠠ ᠪᠦᠬᠦᠢ ᠲᠤᠭᠳᠠᠭᠠᠯ ᠢ ᠦᠨᠳᠤᠰᠤᠯᠡᠵᠤ᠂ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ《ᠤᠷᠤᠨ ᠨᠤᠳᠤᠭ ᠤᠨ ᠲᠦᠰᠤᠪ ᠤᠨ ᠰᠦᠯᠵᠢᠶᠠᠨ ᠤ ᠬᠢᠨᠠᠯᠳᠠ ᠲᠠᠯᠪᠢᠬᠤ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ》᠋ ᠪᠠ ᠲᠦᠩᠯᠢᠶᠤᠤ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠨᠢᠭᠡᠳᠤᠯᠳᠠᠢ ᠪᠠᠢᠷᠢᠭᠤᠯᠤᠯᠳᠠ ᠶᠤᠰᠤᠭᠠᠷ᠂ 2021 ᠤᠨ ᠤ 1 ᠰᠠᠷ᠎ᠠ ᠶᠢᠨ 26᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠪᠦ᠋ ᠮᠤᠤ ᠰᠢᠶᠠᠩ ᠡᠴᠨ ᠬᠤᠰᠢᠭᠤᠨ ᠤ ᠠᠷᠠᠳ  ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠬᠦᠭᠵᠢᠬᠦᠯᠤᠯᠳᠠ ᠦᠭᠡᠷᠡᠴᠢᠯᠡᠯᠳᠠ ᠶᠢᠨ ᠵᠦᠪᠯᠡᠯ᠂ ᠲᠤᠭ᠎ᠠ ᠪᠦᠷᠢᠳᠭᠡᠯ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠢ ᠴᠤᠭᠯᠠᠭᠤᠯᠵᠤ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠦᠰᠤᠪ ᠤᠨ ᠰᠦᠯᠵᠢᠶᠠᠨ ᠤ ᠬᠢᠨᠠᠯᠳᠠ ᠲᠠᠯᠪᠢᠬᠤ ᠰᠢᠰᠲ᠋ᠸᠮ ᠤᠨ ᠪᠦᠳᠤᠭᠡᠨ ᠪᠠᠢᠭᠤᠯᠤᠯᠳᠠ ᠶᠢᠨ ᠲᠦᠷᠤᠯ ᠵᠤᠢᠯ ᠢ ᠡᠬᠢᠯᠡᠬᠦᠯᠬᠦ ᠬᠤᠷᠠᠯ ᠬᠤᠷᠠᠯᠳᠤᠭᠤᠯᠪᠠ᠃

        
           ᠬᠤᠷᠠᠯ ᠲᠡᠭᠡᠷ᠎ᠠ᠂ ᠪᠡᠭᠡᠵᠢᠩ ᠤᠨ ᠶᠦᠩ ᠶᠢᠤ ᠵᠠᠰᠠᠭ ᠤᠨ ᠶᠠᠪᠤᠳᠠᠯ ᠤᠨ ᠵᠦᠭᠡᠯᠡᠨ ᠲᠤᠨᠤᠭ ᠤᠨ ᠬᠤᠪᠢ ᠤᠷᠤᠭᠤᠯᠤᠭᠰᠨᠨ ᠬᠢᠵᠠᠭᠠᠷᠳᠤ ᠺᠤᠮᠫᠠᠨᠢ ᠶᠢᠨ ᠦᠪᠤᠷ ᠮᠤᠩᠭᠤᠯ ᠤᠨ ᠬᠤᠪᠢᠶᠠᠷᠢ ᠺᠤᠮᠫᠠᠨᠢ ᠶᠢᠨ ᠲᠤᠬᠠᠢᠯᠠᠭᠰᠨᠨ ᠠᠵᠢᠯ ᠤᠨ ᠠᠵᠢᠯᠳᠠᠳ ᠡᠴᠨ ᠲᠤᠬᠠᠢ ᠶᠢᠨ ᠲᠠᠯᠪᠠᠢ ᠳᠤ ᠲᠠᠯᠭᠡᠨ ᠦᠵᠡᠬᠦᠯᠬᠦ ᠠᠷᠭ᠎ᠠ ᠭᠡᠯᠪᠡᠷᠢ ᠪᠡᠷ ᠲᠦᠰᠤᠪ ᠤᠨ ᠰᠦᠯᠵᠢᠶᠠᠨ ᠤ ᠬᠢᠨᠠᠯᠳᠠ ᠲᠠᠯᠪᠢᠬᠤ ᠰᠢᠰᠲ᠋ᠸᠮ ᠤᠨ ᠠᠵᠢᠯᠯᠠᠬᠤ ᠲᠦᠷᠢᠮ ᠢ ᠨᠠᠷᠢᠯᠢᠭ ᠲᠠᠢᠯᠪᠤᠷᠢᠯᠠᠬᠤ ᠶᠢᠨ ᠬᠠᠮᠳᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠰᠠᠭᠤᠯᠳᠠ ᠶᠢ ᠬᠠᠷᠢᠭᠤᠯᠪᠠ᠃

        
            ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠰᠤᠪ ᠤᠨ ᠰᠦᠯᠵᠢᠶᠠᠨ ᠤ ᠬᠢᠨᠠᠯᠳᠠ ᠲᠠᠯᠪᠢᠬᠤ ᠰᠢᠰᠲ᠋ᠸᠮ ᠪᠠᠢᠭᠤᠯᠤᠭᠳᠠᠭᠰᠨᠨ ᠤ ᠰᠠᠬᠦᠯᠡᠷ᠂ ᠤᠳᠤᠬᠢᠴᠢᠯᠠᠭᠰᠨᠨ ᠲᠤᠭ᠎ᠠ ᠪᠠᠷᠢᠮᠳᠠ ᠶᠢ ᠴᠤᠭᠯᠠᠭᠤᠯᠬᠤ ᠪᠠ ᠰᠦᠯᠵᠢᠶᠠᠨ ᠤ ᠮᠡᠳᠡᠭᠡ ᠵᠠᠩᠬᠢ ᠶᠢᠨ ᠮᠡᠷᠭᠡᠵᠢᠯ ᠢ ᠠᠰᠢᠭᠯᠠᠨ᠂ ᠡᠳ᠋ ᠤᠨ ᠵᠠᠰᠠᠭ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠤᠨ ᠮᠡᠳᠡᠭᠡ ᠵᠠᠩᠬᠢ ᠶᠢᠨ ᠰᠢᠰᠲ᠋ᠸᠮ ᠲᠠᠢ ᠬᠤᠯᠪᠤᠨ ᠵᠠᠯᠭᠠᠬᠤ ᠪᠡᠷ ᠲᠠᠮᠵᠢᠨ᠂ ᠵᠠᠰᠠᠭ ᠤᠨ ᠤᠷᠳᠤᠨ ᠤ ᠡᠩ ᠤᠨ ᠨᠡᠢᠳᠠ ᠶᠢᠨ ᠲᠦᠰᠤᠪ᠂ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ᠂ ᠤᠯᠤᠰ ᠤᠨ ᠦᠮᠴᠢᠯᠡᠯ ᠤᠨ ᠬᠦᠷᠤᠩᠭᠡ ᠶᠢᠨ ᠡᠵᠡᠩᠨᠡᠯᠳᠠ ᠶᠢᠨ ᠲᠦᠰᠤᠪ᠂ ᠨᠡᠢᠭᠡᠮ ᠤᠨ ᠲᠠᠭᠠᠳᠬᠠᠯ ᠤᠨ ᠰᠠᠭᠤᠷᠢ ᠮᠦᠩᠬᠦᠨ ᠤ ᠲᠦᠰᠤᠪ ᠢ ᠨᠠᠢᠷᠠᠭᠤᠯᠤᠨ ᠵᠤᠬᠢᠶᠠᠬᠤ᠂ ᠬᠦᠢᠴᠡᠳᠭᠡᠬᠦ᠂ ᠲᠤᠬᠢᠷᠠᠭᠤᠯᠤᠯᠳᠠ ᠬᠢᠬᠦ ᠵᠢᠴᠢ ᠲᠦᠰᠤᠪ ᠤᠨ ᠬᠦᠢᠴᠡᠳᠭᠡᠯ ᠤᠨ ᠪᠦᠬᠦ ᠶᠠᠪᠤᠴᠨ ᠳᠤ ᠬᠢᠨᠠᠯᠳᠠ ᠲᠠᠯᠪᠢᠵᠤ᠂ ᠮᠡᠳᠡᠬᠦᠯᠬᠦ ᠬᠦᠰᠦᠨᠦᠭ ᠢ ᠪᠠᠢᠴᠠᠭᠠᠨ ᠯᠠᠪᠯᠠᠬᠤ ᠶᠢ ᠪᠡᠶᠡᠯᠡᠬᠦᠯᠬᠦ᠂ ᠲᠤᠭ᠎ᠠ ᠪᠦᠷᠢᠳᠭᠡᠯ ᠤᠨ ᠵᠠᠳᠠᠯᠤᠯᠳᠠ᠂ ᠤᠶᠤᠨᠴᠢᠯᠠᠭᠰᠨᠨ ᠤᠷᠢᠳᠴᠢᠯᠠᠨ ᠰᠡᠷᠡᠮᠵᠢᠯᠡᠬᠦᠯᠬᠦ᠂ ᠬᠠᠷᠢᠴᠠᠭᠤᠯᠤᠨ ᠵᠠᠯᠠᠷᠠᠭᠤᠯᠬᠤ ᠵᠡᠷᠭᠡ ᠴᠢᠳᠠᠪᠤᠷᠢ ᠳᠤ ᠲᠤᠳᠤᠭᠠᠳᠤ ᠶᠢᠨ ᠬᠢᠨᠠᠯᠳᠠ ᠲᠠᠯᠪᠢᠬᠤ ᠲᠤᠭ᠎ᠠ ᠪᠠᠷᠢᠮᠳᠠᠳᠤ ᠵᠠᠭᠪᠤᠷ ᠶᠢᠠᠷ ᠬᠦᠢᠴᠡᠳᠭᠡᠯ ᠲᠤᠭ᠎ᠠ ᠳᠤ ᠵᠠᠳᠠᠯᠤᠯᠳᠠ ᠬᠢᠬᠦ ᠪᠡ ᠰᠡᠷᠡᠮᠵᠢᠯᠡᠬᠦᠯᠬᠦ ᠶᠢ ᠭᠡᠷᠡᠭᠵᠢᠬᠦᠯᠵᠤ᠂ ᠲᠤᠭ᠎ᠠ ᠪᠠᠷᠢᠮᠳᠠ ᠶᠢᠨ ᠵᠠᠭᠪᠤᠷ ᠲᠤ ᠰᠠᠭᠤᠷᠢᠯᠠᠭᠰᠨᠨ ᠤᠶᠤᠨᠳᠤ ᠵᠠᠳᠠᠯᠤᠯᠳᠠ ᠪᠠ ᠠᠦ᠋ᠲ᠋ᠤᠴᠢᠯᠠᠭᠰᠨᠨ ᠬᠢᠨᠠᠯᠳᠠ ᠲᠠᠯᠪᠢᠬᠤ ᠴᠢᠳᠠᠪᠤᠷᠢ ᠶᠢ ᠪᠠᠶᠡᠯᠡᠬᠦᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠰᠤᠪ ᠤᠨ ᠬᠢᠨᠠᠨ ᠪᠠᠢᠴᠠᠭᠠᠵᠤ ᠬᠢᠨᠠᠯᠳᠠ ᠲᠠᠯᠪᠢᠬᠤ ᠮᠡᠳᠡᠭᠡ ᠵᠠᠩᠬᠢᠴᠢᠯᠠᠯᠳᠠ᠂ ᠠᠦ᠋ᠲ᠋ᠤᠴᠢᠯᠠᠯᠳᠠ ᠶᠢ ᠠᠬᠢᠭᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠰᠤᠪ ᠤᠨ ᠬᠢᠨᠠᠨ ᠪᠠᠢᠴᠠᠭᠠᠵᠤ ᠬᠢᠨᠠᠯᠳᠠ ᠲᠠᠯᠪᠢᠬᠤ ᠴᠢᠳᠠᠮᠵᠢ ᠶᠢ ᠲᠠᠭᠡᠭᠰᠢᠯᠡᠬᠦᠯᠤᠨ᠂ ᠲᠦᠰᠤᠪ ᠢ ᠬᠢᠨᠠᠨ ᠨᠠᠢᠷᠠᠭᠤᠯᠬᠤ᠂ ᠲᠦᠰᠤᠪ ᠤᠨ ᠬᠦᠢᠴᠡᠳᠭᠡᠯ᠂ ᠬᠦᠢᠴᠡᠳᠭᠡᠯ ᠤᠨ ᠢᠯᠨ ᠲᠤᠳᠤ ᠶᠢᠨ ᠭᠡᠮᠵᠢᠶ᠎ᠠ ᠶᠢ ᠨᠡᠮᠡᠭᠳᠡᠬᠦᠯᠵᠤ᠂ ᠪᠡᠯᠨ ᠮᠦᠩᠬᠦ ᠶᠢᠨ ᠬᠤᠪᠢᠶᠠᠷᠢᠯᠡᠯᠳᠠ ᠪᠡ ᠬᠠᠮᠢᠶᠠᠷᠤᠯᠳᠠ ᠶᠢ ᠢᠯᠨ ᠪᠤᠯᠭᠠᠬᠤ᠂ ᠲᠤᠪ ᠭᠤᠤᠯᠴᠢ ᠶᠢ ᠠᠬᠢᠭᠤᠯᠤᠨ᠂ ᠵᠠᠰᠠᠭ ᠤᠨ ᠤᠷᠳᠤᠨ ᠤ ᠡᠷᠭᠡ ᠪᠠᠨ ᠭᠡᠷᠡᠭᠵᠢᠬᠦᠯᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠡ᠃(ᠳ᠋ᠠᠢ ᠰᠢᠶᠦ᠋ᠩ)

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠨᠠᠮ ᠤᠨ ᠭᠡᠰᠢᠬᠦᠨ ᠺᠠᠳ᠋ᠷᠴᠤᠤᠨ ᠤᠨ ᠶᠡᠭᠡ ᠬᠤᠷᠠᠯ ᠬᠤᠷᠠᠯᠳᠤᠭᠤᠯᠪᠠ
ᠳᠠᠷᠠᠭᠠᠬᠢ᠄ ᠡᠦ ᠴᠢ᠍ᠩ ᠬᠠᠢ ᠴᠢ᠍ᠨᠳ᠋ᠠᠮᠤᠨᠢ ᠰᠤᠮᠤ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠠᠵᠢ᠍ᠯ ᠢ ᠪᠠᠢ᠌ᠴᠠᠭᠠᠨ ᠵᠢᠯᠤᠭᠤᠳᠪᠠ