ᠡᠦ ᠴᠢ᠍ᠩ ᠬᠠᠢ ᠴᠢ᠍ᠨᠳ᠋ᠠᠮᠤᠨᠢ ᠰᠤᠮᠤ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠠᠵᠢ᠍ᠯ ᠢ ᠪᠠᠢ᠌ᠴᠠᠭᠠᠨ ᠵᠢᠯᠤᠭᠤᠳᠪᠠ
1 ᠰᠠᠷ᠎ᠠ ᠶᠢᠨ 28 ᠊ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ ᠡᠦ ᠴᠢ᠍ᠩ ᠬᠠᠢ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠲᠡᠳ᠋ ᠡᠷᠬᠢᠯᠡᠭ᠍ᠴᠢ ᠦᠷᠡᠪᠠᠳ᠋ᠦ ᠴᠢ᠍ᠨᠳ᠋ᠠᠮᠤᠨᠢ ᠰᠤᠮᠤ ᠳᠤ ᠬᠦᠷᠴᠦ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠠᠵᠢ᠍ᠯ᠂ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢ᠍ᠯ᠂ ᠲᠠᠷᠢ᠍ᠶᠠᠯᠠᠩ ᠮᠠᠯ ᠠᠵᠦ ᠠᠬᠤᠢ ᠶᠢᠨ ᠠᠵᠦ ᠦᠢ᠍ᠯᠡᠰᠵᠢ᠍ᠯᠳ᠋ᠡ ᠶᠢᠨ ᠬᠦᠭ᠍ᠵᠢ᠍ᠯᠳ᠋ᠡ᠂《ᠬᠤᠶᠠᠷ ᠵᠦ᠋ᠪᠯᠡᠯ》᠊ᠤᠨ ᠬᠤᠭᠤᠴᠠᠭ᠎ᠠ ᠰᠤᠯᠢ᠍ᠬᠤ ᠠᠵᠢ᠍ᠯ ᠵᠢᠴᠢ ᠴᠠᠭᠠᠨ ᠰᠠᠷ᠎ᠠ ᠶᠢᠨ ᠡᠮᠦᠨ᠎ᠠ ᠬᠤᠢ᠌ᠨᠠᠬᠢ ᠠᠮᠤᠷ ᠲᠦ᠋ᠪᠰᠢ᠍ᠨ ᠦ ᠦᠢ᠍ᠯᠡᠳᠪᠦᠷᠢ᠍ᠯᠡᠯ ᠪᠠ ᠲᠤᠭᠳ᠋ᠠᠭᠤᠨ ᠢ ᠬᠠᠮᠠᠭᠠᠯᠠᠬᠤ ᠵᠡᠷᠭᠡ ᠠᠵᠢ᠍ᠯ ᠢ ᠪᠠᠢ᠌ᠴᠠᠭᠠᠨ ᠵᠢᠯᠤᠭᠤᠳᠪᠠ᠃

ᠡᠦ ᠴᠢ᠍ᠩ ᠬᠠᠢ ᠨᠡᠷ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠠᠵᠢ᠍ᠯ ᠤᠨ ᠪᠠᠢ᠌ᠳ᠋ᠠᠯ ᠤᠨ ᠬᠠᠷᠢ᠍ᠭᠤ ᠮᠡᠳ᠋ᠡᠭᠦᠯᠦᠯᠳ᠋ᠡ ᠰᠤᠨᠤᠰᠬᠤ᠂ ᠲᠤᠬᠠᠢ ᠶᠢᠨ ᠭᠠᠵᠠᠷ ᠲᠤ ᠬᠦᠷᠴᠦ ᠠᠰᠠᠭᠤᠨ ᠯᠠᠪᠯᠠᠵᠤ ᠪᠠᠢ᠌ᠴᠠᠭᠠᠨ ᠦᠵᠡᠬᠦ ᠵᠡᠷᠭᠡ ᠬᠡᠯᠪᠡᠷᠢ ᠪᠠᠷ ᠲᠠᠮᠵᠢ᠍ᠨ ᠴᠢ᠍ᠨᠳ᠋ᠠᠮᠤᠨᠢ ᠰᠤᠮᠤ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠵᠢᠴᠢ ᠭᠠᠴᠠᠭ᠎ᠠ ᠲᠤᠰᠬᠤᠨ ᠤ ᠬᠠᠮᠳ᠋ᠤ ᠶᠢᠨ ᠠᠵᠦ ᠠᠬᠤᠢ ᠶᠢᠨ ᠬᠦᠭ᠍ᠵᠢ᠍ᠯᠳ᠋ᠡ ᠶᠢᠨ ᠪᠠᠢ᠌ᠳ᠋ᠠᠯ ᠢ ᠨᠠᠷᠢ᠍ᠯᠢ᠍ᠭ ᠤᠢ᠌ᠯᠠᠭᠠᠪᠠ᠃

ᠡᠦ ᠴᠢ᠍ᠩ ᠬᠠᠢ ᠴᠢ᠍ᠨᠳ᠋ᠠᠮᠤᠨᠢ ᠰᠤᠮᠤ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠠᠵᠢ᠍ᠯ ᠦᠷᠨᠢᠭᠦᠯᠦᠭ᠍ᠰᠡᠨ ᠪᠠᠢ᠌ᠳ᠋ᠠᠯ ᠢ ᠰᠤᠨᠤᠰᠤᠭᠰᠠᠨ ᠤ ᠲᠠᠷᠠᠭ᠎ᠠ ᠴᠢ᠍ᠩᠭ᠋ᠠᠳᠬᠠᠭᠰᠠᠨ ᠨᠢ᠂ ᠨᠢ᠍ᠭᠡ ᠳ᠋ᠦ᠂ ᠨᠠᠮ ᠡᠴᠡ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠠᠵᠢ᠍ᠯ ᠤᠨ ᠤᠳ᠋ᠤᠷᠢ᠍ᠳ᠋ᠤᠯᠭ᠎ᠠ ᠶᠢ ᠴᠢ᠍ᠩᠭ᠋ᠠᠳᠬᠠᠵᠤ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠡᠯ᠎ᠠ ᠲᠦ᠋ᠷᠦᠯ ᠦᠨ ᠠᠵᠢ᠍ᠯ ᠢ ᠪᠦᠬᠦ ᠲᠠᠯ᠎ᠠ ᠪᠠᠷ ᠲᠠᠮᠵᠢ᠍ᠵᠤ᠂ ᠨᠠᠮ ᠤᠨ ᠬᠤᠷᠢ᠍ᠶ᠎ᠠ ᠶᠢᠨ ᠡᠳ᠋ᠦᠷ ᠲᠤᠳ᠋ᠤᠮ ᠤᠨ ᠵᠦ᠋ᠪᠯᠡᠬᠦ ᠵᠦ᠋ᠢ᠍ᠯ ᠳ᠋ᠦ ᠤᠷᠤᠭᠤᠯᠤᠨ᠂ ᠨᠢ᠍ᠭᠡᠳ᠋ᠦᠯᠳ᠋ᠠᠢ ᠲᠦ᠋ᠯᠦᠪᠯᠡᠨ ᠲᠤᠬᠢᠷᠠᠭᠤᠯᠵᠤ᠂ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠠᠵᠢ᠍ᠯ ᠊ᠤᠨ ᠤᠷᠤᠭᠰᠢ᠍ᠳ᠋ᠠᠢ ᠬᠦᠭ᠍ᠵᠢ᠍ᠬᠦ ᠶᠢ ᠪᠠᠳ᠋ᠤᠯᠠᠬᠤ ᠭᠡᠷᠡᠭ᠍ᠳ᠋ᠡᠢ᠃ ᠬᠤᠶᠠᠷ ᠲᠤ᠂ ᠠᠷᠠᠳ ᠤᠨ ᠲᠦ᠋ᠯᠦᠭᠡᠯᠡᠭ᠍ᠴᠢ᠍ᠳ ᠦᠨ ᠦᠵᠡᠯ ᠰᠠᠨᠠᠭ᠎ᠠ ᠤᠯᠤᠰ ᠲᠦ᠋ᠷᠦ ᠶᠢᠨ ᠪᠤᠯᠪᠠᠰᠤᠷᠠᠯ ᠤᠨ ᠬᠦᠴᠦᠨ ᠢ ᠴᠢ᠍ᠩᠭ᠋ᠠᠳᠬᠠᠵᠤ᠂ ᠠᠷᠠᠳ ᠤᠨ ᠲᠦ᠋ᠯᠦᠭᠡᠯᠡᠭ᠍ᠴᠢ᠍ᠳ ᠦᠨ ᠦᠵᠡᠯ ᠰᠠᠨᠠᠭᠠᠨ ᠤ ᠬᠢᠷᠢ ᠲᠦ᠋ᠪᠰᠢ᠍ᠨ ᠪᠠ ᠬᠠᠦᠯᠢ ᠶᠤᠰᠤ ᠪᠠᠷ ᠡᠭᠦᠷᠭᠡ ᠲᠤᠰᠢ᠍ᠶᠠᠯ ᠪᠠᠨ ᠭᠦᠢ᠍ᠴᠡᠳᠭᠡᠬᠦ ᠴᠢ᠍ᠳ᠋ᠠᠪᠤᠷᠢ ᠶᠢ ᠲᠠᠰᠤᠷᠠᠯᠳ᠋ᠠ ᠦᠭᠡᠶ ᠲᠠᠭᠡᠭ᠍ᠰᠢ᠍ᠯᠡᠬᠦᠯᠬᠦ ᠭᠡᠷᠡᠭ᠍ᠳ᠋ᠡᠢ᠃ ᠤᠨᠴᠠᠭᠠᠢ᠌ᠯᠠᠨ ᠲᠤᠮᠳ᠋ᠠᠳ᠋ᠤ ᠶᠢᠨ ᠦᠨᠳ᠋ᠦᠰᠦᠳ᠋ᠡᠨ ᠦ ᠬᠠᠮᠳ᠋ᠤ ᠶᠢᠨ ᠦᠵᠡᠯ ᠤᠬᠠᠮᠰᠠᠷ ᠢ ᠪᠡᠬᠢᠵᠢᠭᠦᠯᠬᠦ ᠪᠠ ᠦᠨᠳ᠋ᠦᠰᠦᠳ᠋ᠡᠨ ᠦ ᠪᠦᠯᠬᠦᠮᠳ᠋ᠡᠯ ᠢ ᠬᠠᠮᠠᠭᠠᠯᠠᠬᠤ᠂ ᠤᠯᠤᠰ ᠤᠨ ᠨᠢ᠍ᠭᠡᠳ᠋ᠦᠯᠳ᠋ᠠᠢ ᠵᠢᠭᠠᠬᠤ ᠮᠠᠲ᠋ᠸᠷᠢ᠍ᠶᠠᠯ ᠊ᠢ ᠲᠦᠯᠬᠢᠨ ᠬᠡᠷᠡᠭᠵᠢᠭᠦᠯᠬᠦ ᠲᠤᠮᠳ᠋ᠡ ᠠᠷᠠᠳ ᠤᠨ ᠲᠦ᠋ᠯᠦᠭᠡᠯᠡᠭ᠍ᠴᠢ᠍ᠳ ᠵᠢᠱᠢ᠍ᠶᠡᠴᠢ ᠲᠠᠭᠤᠷᠢ᠍ᠶᠠᠯ ᠦᠢ᠍ᠯᠡᠳ᠋ᠦᠯ ᠦᠵᠡᠬᠦᠯᠬᠦ ᠭᠡᠷᠡᠭ᠍ᠳ᠋ᠡᠢ᠃ ᠭᠤᠷᠪᠠ ᠳᠤ᠂ ᠳᠡᠭᠡᠷ᠎ᠠ ᠱᠠᠳ᠋ᠤᠨ ᠤ ᠴᠢ᠍ᠬᠤᠯᠠ ᠰᠡᠢ᠍ᠳᠪᠤᠷᠢ᠍ᠳ᠋ᠤ ᠪᠤᠳ᠋ᠤᠯᠭ᠎ᠠ ᠶᠢ ᠲᠤᠭᠤᠰᠢ᠍ᠯᠠᠭᠤᠯᠤᠨ ᠨᠠᠢ᠌ᠳ᠋ᠠᠪᠤᠷᠢ᠍ᠵᠢ᠍ᠭᠤᠯᠬᠤ ᠪᠠ ᠨᠠᠮ ᠤᠨ ᠬᠤᠷᠢ᠍ᠶ᠎ᠠ ᠵᠠᠰᠠᠭ ᠤᠨ ᠤᠷᠳ᠋ᠤᠨ ᠤ ᠭᠤᠤᠯ ᠠᠵᠢ᠍ᠯ ᠳ᠋ᠥ ᠠᠷᠠᠳ ᠤᠨ ᠲᠦ᠋ᠯᠤᠭᠡᠯᠡᠭ᠍ᠴᠢ ᠶᠢᠨ ᠤᠷᠢ᠍ᠳᠴᠢ᠍ᠯᠠᠭᠰᠠᠨ ᠴᠢ᠍ᠨᠠᠷ ᠪᠠ ᠨᠦ᠋ᠯᠦᠭᠡᠯᠡᠯ ᠦᠨ ᠬᠦᠴᠦᠨ ᠢ ᠲᠤᠪᠤᠢ᠌ᠮ᠎ᠠ ᠠᠳᠬᠤᠵᠤ᠂ ᠠᠷᠠᠳ ᠤᠨ ᠲᠦ᠋ᠯᠦᠭᠡᠯᠡᠭ᠍ᠴᠢ᠍ᠳ ᠦᠨ ᠲᠠᠭᠠᠭᠤᠯᠤᠭᠴᠢ ᠶᠢᠨ ᠦᠢ᠍ᠯᠡᠳ᠋ᠦᠯ ᠢ ᠭᠦᠢ᠍ᠴᠡᠳ ᠪᠠᠳ᠋ᠠᠷᠠᠭᠤᠯᠵᠤ᠂ ᠶᠠᠳ᠋ᠠᠭᠤ ᠡᠴᠡ ᠠᠩᠬᠢᠵᠢ᠍ᠷᠠᠭᠤᠯᠬᠤ ᠪᠤᠭᠤᠮᠳ᠋ᠠ ᠰᠢ᠍ᠪᠳ᠋ᠤᠯᠬᠤ᠂ ᠬᠦᠳ᠋ᠡᠭᠡ ᠲᠤᠰᠬᠤᠨ ᠤ ᠰᠡᠷᠭᠦᠨ ᠮᠠᠨᠳ᠋ᠤᠯᠳ᠋ᠠ᠂ ᠮᠠᠯᠴᠢ᠍ᠨ ᠲᠠᠷᠢ᠍ᠶᠠᠴᠢ᠍ᠨ ᠤ ᠭᠠᠷᠤᠯᠳ᠋ᠠ ᠤᠷᠤᠯᠭ᠎ᠠ ᠶᠢ ᠨᠡᠮᠡᠭ᠍ᠳ᠋ᠡᠭᠦᠯᠬᠦ ᠳ᠋ᠦ ᠬᠦᠴᠦᠨ ᠨᠡᠮᠡᠷᠢ᠍ᠭᠦᠯᠬᠦ ᠪᠠ ᠬᠢᠵᠢ᠍ᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠵᠡᠷᠭᠡ ᠡᠯ᠎ᠠ ᠲᠦ᠋ᠷᠦᠯ ᠦᠨ ᠠᠵᠢ᠍ᠯ ᠤᠨ ᠲᠤᠮᠳ᠋ᠡ ᠬᠢᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠬᠦ ᠭᠡᠷᠡᠭ᠍ᠳ᠋ᠡᠢ᠃

ᠴᠢ᠍ᠨᠳ᠋ᠠᠮᠤᠨᠢ ᠰᠤᠮᠤ ᠶᠢᠨ ᠵᠢᠭᠠᠰᠤᠲᠠᠢ ᠭᠠᠴᠠᠭᠠᠨ ᠳᠤ ᠪᠠᠢ᠌ᠴᠠᠭᠠᠨ ᠰᠤᠳ᠋ᠤᠯᠬᠤ ᠳᠠᠭᠠᠨ᠂ ᠡᠦ ᠴᠢ᠍ᠩ ᠬᠠᠢ ᠡᠴᠡ ᠴᠢ᠍ᠨᠳ᠋ᠠᠮᠤᠨᠢ ᠰᠤᠮᠤ ᠶᠢᠨ ᠶᠠᠳ᠋ᠠᠭᠤ ᠡᠴᠡ ᠠᠩᠬᠢᠵᠢ᠍ᠷᠠᠭᠤᠯᠬᠤ ᠪᠤᠭᠤᠮᠳ᠋ᠠ ᠰᠢ᠍ᠪᠳ᠋ᠤᠯᠬᠤ ᠠᠵᠢ᠍ᠯ᠂ ᠰᠠᠭᠤᠷᠢ ᠲᠦ᠋ᠭᠦᠭᠡᠷᠦᠮᠵᠢ ᠶᠢᠨ ᠪᠦᠳ᠋ᠦᠭᠡᠨ ᠪᠠᠢ᠌ᠭᠤᠯᠤᠯᠳ᠋ᠠ᠂ ᠠᠵᠤ ᠠᠬᠤᠢ ᠨᠡᠢ᠌ᠭᠡᠮ ᠦᠨ ᠡᠶ᠎ᠠ ᠵᠤᠬᠢᠴᠠᠩᠭᠤᠢ ᠲᠤᠭᠳ᠋ᠠᠭᠤᠨ ᠬᠦᠭ᠍ᠵᠢ᠍ᠯᠳ᠋ᠡ ᠵᠡᠷᠭᠡ ᠡᠯ᠎ᠠ ᠲᠦ᠋ᠷᠦᠯ ᠦᠨ ᠠᠵᠤ ᠦᠢ᠍ᠯᠡᠰ ᠦᠨ ᠠᠮᠵᠢ᠍ᠯᠳ᠋ᠠ ᠤᠯᠤᠭᠰᠠᠨ ᠳᠤ ᠭᠦᠢ᠍ᠴᠡᠳ ᠨᠤᠳ᠋ᠠᠯᠠᠯᠳ᠋ᠠ ᠦᠭ᠍ᠪᠡ᠃ ᠡᠦ ᠴᠢ᠍ᠩ ᠬᠠᠢ ᠱᠠᠭᠠᠷᠳ᠋ᠠᠭᠰᠠᠨ ᠨᠢ᠂ ᠶᠠᠳ᠋ᠠᠭᠤ ᠡᠴᠡ ᠠᠩᠬᠢᠵᠢ᠍ᠷᠠᠭᠤᠯᠬᠤ ᠪᠤᠭᠤᠮᠳ᠋ᠠ ᠰᠢ᠍ᠪᠳ᠋ᠤᠯᠬᠤ ᠦᠷ᠎ᠠ ᠪᠦᠳ᠋ᠦᠮᠵᠢ ᠶᠢ ᠪᠡᠬᠢᠵᠢ᠍ᠭᠦᠯᠦᠨ᠂ ᠶᠠᠳ᠋ᠠᠭᠤ ᠡᠴᠡ ᠠᠩᠬᠢᠵᠢ᠍ᠷᠠᠭᠤᠯᠬᠤ ᠪᠤᠭᠤᠮᠳ᠋ᠠ ᠰᠢ᠍ᠪᠳ᠋ᠤᠯᠬᠤ ᠶᠢ ᠲᠤᠭᠳ᠋ᠠᠭᠤᠨ ᠶᠢᠡᠷ ᠲᠦ᠋ᠯᠬᠢᠨ ᠠᠬᠢᠭᠤᠯᠬᠤ ᠪᠠ ᠬᠦᠳ᠋ᠡᠭᠡ ᠲᠤᠰᠬᠤᠨ ᠤ ᠰᠡᠷᠭᠦᠨ ᠮᠠᠨᠳ᠋ᠤᠯᠳ᠋ᠠ ᠲᠡᠶ ᠪᠦᠳ᠋ᠦᠮᠵᠢ᠍ᠲᠠᠢ ᠤᠶᠠᠯᠳ᠋ᠤᠭᠤᠯᠵᠤ᠂ ᠰᠢ᠍ᠰᠲ᠋ᠸᠮ ᠲᠡᠶ ᠠᠷᠭ᠎ᠠ ᠰᠦ᠋ᠪᠡᠭ᠍ᠴᠢ᠍ᠯᠡᠨ᠂ ᠭᠦᠨᠵᠡᠭᠡᠢ ᠰᠤᠳ᠋ᠤᠯᠵᠤ᠂ ᠡᠬᠢ ᠪᠠᠶᠠᠯᠢ᠍ᠭ ᠤᠨ ᠲᠠᠪᠠᠭᠤᠯᠢ᠍ᠭ ᠲᠣ ᠪᠠᠨ ᠲᠦᠰᠢᠭ᠍ᠯᠡᠨ᠂ ᠴᠢ᠍ᠨᠳ᠋ᠠᠮᠤᠨᠢ ᠰᠤᠮᠤ ᠶᠢᠨ ᠪᠤᠳᠠᠳᠠᠢ ᠳ᠋ᠦ ᠲᠤᠬᠢᠷᠠᠭᠰᠠᠨ ᠬᠦᠳ᠋ᠡᠭᠡ ᠲᠤᠰᠬᠤᠨ ᠮᠠᠯᠵᠢ᠍ᠬᠤ ᠤᠷᠤᠨ ᠊ᠤ ᠤᠨᠴᠠᠯᠢᠭᠲᠦ ᠠᠵᠦ ᠦᠢ᠍ᠯᠡᠰ ᠦᠨ ᠬᠦᠭ᠍ᠵᠢ᠍ᠯᠳ᠋ᠡ ᠶᠢᠨ ᠵᠠᠮ ᠢ ᠰᠤᠳ᠋ᠤᠯᠵᠤ ᠰᠦ᠋ᠪᠡᠭ᠍ᠴᠢ᠍ᠯᠡᠬᠦ ᠭᠡᠷᠡᠭ᠍ᠳ᠋ᠡᠢ᠃ ᠬᠠᠷᠢ᠍ᠴᠠᠩᠭ᠋ᠤᠢ ᠪᠠᠷ ᠨᠡᠯᠢ᠍ᠶᠡᠳ ᠬᠦᠴᠢ᠍ᠷᠳ᠋ᠡᠯᠳ᠋ᠠᠢ ᠤᠯᠠᠨ ᠲᠦ᠋ᠮᠡᠨ ᠦ ᠦᠢ᠍ᠯᠡᠳᠪᠦᠷᠢ᠍ᠯᠡᠯ ᠠᠮᠢ᠍ᠳ᠋ᠤᠷᠠᠯ ᠤᠨ ᠠᠰᠠᠭᠤᠳ᠋ᠠᠯ ᠢ ᠭᠤᠤᠯᠳ᠋ᠠᠯᠭ᠎ᠠ ᠲᠡᠶ ᠰᠡᠢ᠍ᠳᠪᠤᠷᠢ᠍ᠯᠡᠵᠦ᠂ ᠲᠠᠬᠢᠵᠤ ᠶᠠᠳ᠋ᠠᠭᠤᠷᠠᠬᠤ ᠡᠴᠡ ᠵᠠᠢ᠌ᠯᠠᠰᠭᠢᠬᠦ ᠬᠡᠷᠡᠭ᠍ᠲᠡᠢ᠃ ᠬᠦᠴᠢ᠍ᠷᠳ᠋ᠡᠯᠳ᠋ᠠᠢ ᠤᠯᠠᠨ ᠲᠦ᠋ᠮᠡᠨ᠂ ᠬᠦᠨᠳ᠋ᠦ ᠡᠪᠡᠳᠴᠢ᠍ᠳ᠋ᠡᠨ ᠵᠡᠮᠳ᠋ᠡᠭ᠌ ᠬᠦᠮᠦᠰ᠂ ᠭᠣᠣᠨᠢ ᠭᠠᠭᠴᠠ ᠨᠠᠰᠤᠳ᠋ᠠᠨ ᠵᠡᠷᠭᠡ ᠤᠨᠴᠠᠭᠠᠢ ᠬᠦᠮᠤᠰ ᠤᠨ ᠬᠠᠷᠠᠭᠠᠯᠵᠠᠯ ᠢ ᠦᠷᠬᠦᠯᠵᠢ᠍ᠯᠡᠨ ᠨᠡᠮᠡᠭ᠍ᠳ᠋ᠡᠬᠦᠯᠵᠤ᠂ ᠲᠡᠳ᠋ᠡᠨ ᠦ ᠭᠡᠷ ᠪᠦᠯᠢ ᠶᠢᠨ ᠠᠮᠢ᠍ᠳ᠋ᠤᠷᠠᠯ ᠤᠨ ᠪᠠᠢ᠌ᠳ᠋ᠠᠯ ᠢ ᠭᠦᠨᠵᠡᠭᠡᠢ ᠤᠢ᠌ᠯᠠᠭᠠᠵᠤ᠂ ᠲᠠᠷᠤᠢ ᠳ᠋ᠤᠨᠢ ᠲᠤᠰᠠᠯᠠᠨ ᠬᠠᠪᠰᠤᠷᠬᠤ ᠠᠷᠭ᠎ᠠ ᠠᠪᠴᠠᠯ ᠢ ᠠᠪᠴᠦ᠂ ᠬᠦᠴᠢ᠍ᠷᠳ᠋ᠡᠯ ᠢ ᠨᠢ ᠦᠨᠡᠨᠬᠦ ᠬᠠᠪᠰᠤᠷᠤᠨ ᠰᠢ᠌ᠳᠪᠤᠷᠢ᠍ᠯᠡᠬᠦ ᠭᠡᠷᠡᠭ᠍ᠳ᠋ᠡᠢ ᠭᠡᠵᠡᠢ᠃ (ᠯᠣᠢ ᠫᠠᠩ)