ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠲᠤᠭᠤᠷᠢᠨ ᠦᠵᠡᠵᠤ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠪᠡ
ᠵᠢᠯ ᠴᠠᠭᠠᠨ ᠰᠠᠷ᠎ᠠ ᠬᠦᠷᠴᠤ ᠢᠷᠡᠬᠦ ᠲᠠᠰᠢᠷᠠᠮ ᠶᠢᠠᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠡᠤ ᠴᠢᠩ ᠬᠠᠢ᠂ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠤᠷᠢᠳ ᠬᠤᠵᠢᠳ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠠᠵᠢᠯ ᠡᠴᠨ ᠪᠠᠨ ᠠᠮᠠᠷᠠᠭᠰᠨᠨ ᠠᠬᠠᠮᠠᠳ ᠺᠠᠳ᠋ᠷ ᠪᠠ ᠬᠤᠭᠤᠴᠠᠭ᠎ᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠤᠭᠡᠯᠡᠭᠴᠢ ᠶᠢ ᠪᠤᠯᠭᠤᠭᠠᠨ ᠲᠤᠬᠤᠨᠢᠭᠤᠯᠵᠤ᠂ ᠲᠠᠳᠡᠨᠠᠷ ᠲᠤ ᠪᠠᠶᠠᠷ ᠤᠨ ᠡᠳᠤᠷ ᠤᠨ ᠮᠡᠨᠳᠤᠴᠢᠯᠡᠯ ᠪᠠ ᠰᠠᠢᠨ ᠰᠠᠢᠬᠠᠨ ᠵᠦᠩᠨᠡᠯ ᠲᠠᠪᠰᠢᠬᠦᠯᠪᠡ᠃

ᠪᠤᠯᠭᠤᠬᠠᠨ ᠲᠤᠬᠤᠨᠢᠭᠤᠯᠬᠤ ᠲᠤᠮᠳᠠ᠂ ᠡᠤ ᠴᠢᠩ ᠬᠠᠢ ᠵᠡᠷᠭᠡ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠤᠳᠤᠷᠢᠳᠤᠯᠭ᠎ᠠ ᠡᠴᠨ ᠲᠠᠳᠠᠨᠠᠷ ᠤᠨ ᠪᠠᠶ᠎ᠠ ᠮᠠᠬᠠᠪᠤᠤᠨ ᠤᠨ ᠡᠷᠡᠬᠦᠯ ᠴᠢᠬᠢᠷᠠᠭ ᠪᠠ ᠠᠮᠢᠳᠤᠷᠠᠯ ᠤᠨ ᠪᠠᠢᠳᠠᠯ ᠢ ᠨᠠᠷᠢᠯᠢᠭ ᠠᠰᠠᠭᠤᠨ ᠯᠠᠪᠯᠠᠵᠤ᠂ ᠠᠵᠢᠯ ᠡᠴᠨ ᠪᠠᠨ ᠠᠮᠠᠷᠠᠭᠰᠨᠨ ᠠᠬᠠᠮᠠᠳ ᠺᠠᠳ᠋ᠷ ᠪᠠ ᠬᠤᠭᠤᠴᠠᠭ᠎ᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠤᠭᠡᠯᠡᠭᠴᠢ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠬᠢᠨᠠᠮᠠᠭᠠᠢ ᠰᠤᠨᠤᠰᠬᠤ ᠶᠢᠨ ᠬᠠᠮᠳᠤ᠂ ᠲᠠᠳᠠᠨᠠᠷ ᠤᠨ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠪᠠ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠢᠶᠠᠨ ᠤ ᠡᠯ᠎ᠠ ᠲᠦᠷᠤᠯ ᠤᠨ ᠠᠵᠢᠯ ᠳᠤ ᠦᠵᠡᠬᠦᠯᠦᠭᠰᠨᠨ ᠭᠠᠪᠢᠶ᠎ᠠ ᠵᠢᠳᠬᠦᠯ ᠪᠠ ᠴᠢᠷᠮᠠᠢᠯᠭ᠎ᠠ ᠳᠤ ᠲᠠᠯᠠᠷᠬᠠᠵᠤ ᠪᠠᠢᠭ᠎ᠠ ᠪᠠᠨ ᠢᠯᠡᠳᠭᠡᠪᠡ᠃

ᠡᠤ ᠴᠢᠩ ᠬᠠᠢ ᠨᠠᠷ ᠬᠠᠮᠳᠤ ᠶᠠᠪᠤᠭ᠎ᠠ ᠠᠵᠢᠯᠳᠠᠳ ᠲᠤ᠂ ᠠᠵᠢᠯ ᠡᠴᠨ ᠪᠠᠨ ᠠᠮᠠᠷᠠᠭᠰᠨᠨ ᠠᠬᠠᠮᠠᠳ ᠺᠠᠳ᠋ᠷ ᠪᠠ ᠬᠤᠭᠤᠴᠠᠭ᠎ᠠ ᠪᠦᠷᠢ ᠶᠢᠨ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠲᠤ ᠤᠯᠤᠰ ᠲᠦᠷᠤ᠂ ᠦᠵᠡᠯ ᠰᠠᠨᠠᠭᠠᠨ ᠤ ᠲᠠᠯ᠎ᠠ ᠪᠠᠷ ᠢᠯᠡᠬᠦᠭᠡᠨ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠡᠷ ᠢᠯᠡᠬᠦᠭᠡᠨ ᠬᠠᠷᠠᠭᠠᠯᠵᠠᠨ᠂ ᠲᠠᠳᠡᠨ ᠤ ᠦᠳᠡᠯᠤᠭᠡ ᠨᠠᠰᠤ ᠪᠠᠨ ᠠᠮᠤᠷ ᠲᠠᠢᠪᠤᠩ ᠦᠩᠭᠡᠷᠡᠬᠦᠯᠬᠦ ᠶᠢ ᠪᠠᠳᠤᠯᠠᠬᠤ ᠶᠢᠨ ᠬᠠᠮᠳᠤ᠂ᠠᠬᠠᠮᠠᠳ ᠺᠠᠳ᠋ᠷᠴᠤᠤᠨ ᠢ ᠪᠠᠶ᠎ᠠ ᠪᠠᠨ ᠰᠠᠢᠳᠤᠷ ᠭᠠᠮᠨᠠᠵᠤ᠂ ᠦᠷᠬᠦᠯᠵᠢᠯᠡᠨ ᠤᠢᠯᠡᠳᠤᠯ ᠶᠢᠠᠨ ᠪᠠᠳᠠᠷᠠᠭᠤᠯᠤᠨ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠬᠦᠭᠡᠨ ᠲᠠᠪᠰᠢᠬᠦᠯᠵᠤ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠪᠤᠯᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠵᠢᠯ ᠢ ᠦᠩᠭᠡᠷᠡᠭᠰᠨᠨ ᠲᠠᠢ ᠪᠠᠨ ᠠᠳᠠᠯᠢ ᠪᠡᠷ ᠬᠠᠯᠠᠮᠵᠢᠯᠠᠨ ᠲᠠᠮᠵᠢᠬᠦ ᠶᠢ ᠬᠦᠰᠡᠪᠡ᠃
(ᠳ᠋ᠠᠢ ᠰᠢᠶᠦ᠋ᠩ)