ᠤᠳᠤ ᠶᠢᠨ ᠪᠠᠢ᠌ᠷᠢ᠄ ᠴᠢᠬᠤᠯᠠ ᠮᠡᠳᠡᠭᠡ → ᠡᠤ ᠴᠢᠩ ᠬᠠᠢ ᠦᠨᠳᠤᠰᠤᠨ ᠱᠠᠳᠤᠨ ᠤ ᠠᠵᠢᠯ ᠢ᠁
ᠡᠤ ᠴᠢᠩ ᠬᠠᠢ ᠦᠨᠳᠤᠰᠤᠨ ᠱᠠᠳᠤᠨ ᠤ ᠠᠵᠢᠯ ᠢ ᠪᠠᠢᠴᠠᠭᠠᠨ ᠵᠢᠯᠤᠭᠤᠳᠪᠠ

        2 ᠰᠠᠷ᠎ᠠ ᠶᠢᠨ2᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠰᠦᠩ ᠯᠢᠶᠠᠨ ᠡᠾᠦ᠋ᠢ ᠭᠠᠬᠠᠢᠳᠤ ᠪᠠᠯᠭᠠᠰᠤ᠂ ᠦᠨᠡᠭᠡᠴᠢ ᠰᠤᠮᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ᠂ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠠᠵᠤ ᠤᠢᠯᠡᠰ ᠤᠨ ᠭᠡᠯᠪᠡᠷᠢ ᠬᠤᠪᠢᠷᠠᠭᠤᠯᠤᠨ ᠲᠠᠰ ᠲᠠᠪᠰᠢᠬᠦ ᠵᠢᠴᠢ ᠦᠨᠳᠤᠰᠤᠳᠠᠨ ᠤ ᠪᠦᠯᠬᠦᠮᠳᠠᠯ ᠵᠡᠷᠭᠡ ᠭᠤᠤᠯᠳᠠᠯᠭ᠎ᠠ ᠲᠠᠢ ᠠᠵᠢᠯ ᠢ ᠪᠠᠢᠴᠠᠭᠠᠨ ᠵᠢᠯᠤᠭᠤᠳᠪᠠ᠃

        
           ᠠᠵᠢᠯ ᠤᠨ ᠮᠡᠳᠡᠬᠦᠯᠤᠯᠳᠠ ᠶᠢ ᠰᠤᠨᠤᠰᠴᠤ᠂ ᠬᠠᠮᠢᠶ᠎ᠠ ᠪᠦᠬᠦᠢ ᠪᠠᠢᠳᠠᠯ ᠢ ᠨᠠᠷᠢᠯᠢᠭ ᠤᠢᠯᠠᠭᠠᠭᠰᠨᠨ ᠤ ᠲᠠᠷᠠᠭ᠎ᠠ ᠡᠤ ᠴᠢᠩ ᠬᠠᠢ ᠡᠴᠨ ᠰᠤᠮᠤ ᠪᠠᠯᠭᠠᠰᠤᠨ ᠤ ᠤᠳᠤᠷᠢᠳᠤᠯᠭ᠎ᠠ ᠺᠠᠳ᠋ᠷ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠠᠪᠤᠳᠤᠭᠠᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠢᠯᠠᠭᠠᠵᠤ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦᠳᠠ ᠬᠤᠷᠠᠯ ᠤᠨ ᠵᠤᠷᠢᠭ ᠰᠠᠨᠠᠭ᠎ᠠ ᠪᠡᠷ ᠦᠨᠡᠨᠬᠦ ᠲᠠᠷᠢᠬᠢ ᠲᠤᠯᠤᠭᠠᠢ ᠪᠠᠨ ᠵᠡᠪᠰᠡᠭᠯᠡᠵᠤ᠂ ᠤᠢᠯᠡᠳᠤᠯᠭᠡ ᠪᠡᠷ ᠵᠢᠯᠤᠭᠤᠳᠤᠭᠤᠯᠤᠨ᠂ ᠠᠵᠢᠯ ᠶᠢᠠᠨ ᠠᠬᠢᠭᠤᠯᠬᠤ ᠭᠡᠷᠡᠭᠳᠡᠢ ᠭᠡᠵᠡᠢ᠃

        
             ᠡᠤ ᠴᠢᠩ ᠬᠠᠢ ᠡᠴᠨ᠂《ᠮᠠᠯ ᠠᠵᠤ ᠠᠬᠤᠢ᠂ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ》᠋ ᠤ ᠠᠵᠢᠯ ᠢ ᠦᠨᠡᠨᠬᠦ ᠰᠠᠢᠳᠤᠷ ᠬᠢᠵᠤ᠂ ᠡᠬᠢ ᠪᠠᠶᠠᠯᠢᠭ ᠤᠨ ᠲᠠᠪᠠᠭᠤᠯᠢᠭ ᠢ ᠠᠰᠢᠭᠯᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠭᠡᠯᠪᠡᠷᠢ ᠶᠢ ᠲᠦᠷᠭᠡᠳᠭᠡᠨ ᠬᠤᠪᠢᠷᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠤᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠲᠠᠪᠰᠢᠬᠦᠯᠬᠦ ᠶᠢ ᠠᠬᠢᠭᠤᠯᠬᠤ ᠭᠡᠷᠡᠭᠳᠡᠢ᠃ᠤᠷᠤᠨ ᠨᠤᠳᠤᠭ ᠤᠨ ᠤᠨᠴᠠᠯᠢᠭᠳᠤ ᠡᠬᠢ ᠪᠠᠶᠠᠯᠢᠭ ᠢ ᠠᠭᠤᠳᠠᠯᠵᠤ᠂ ᠤᠷᠤᠨ ᠪᠦᠰᠨ᠂ ᠰᠤᠶᠤᠯ ᠪᠠ ᠠᠮᠢ ᠠᠬᠤᠢ ᠵᠡᠷᠭᠡ ᠲᠠᠪᠠᠭᠤᠯᠢᠭ ᠢ ᠬᠦᠢᠴᠡᠳ ᠪᠠᠳᠠᠷᠠᠭᠤᠯᠵᠤ᠂ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠶᠢ ᠴᠢᠩᠭᠠᠳᠬᠠᠨ᠂《ᠨᠢᠭᠡ ᠲᠤᠰᠬᠤᠨ ᠨᠢᠭᠡ ᠲᠦᠷᠤᠯ ᠲᠡᠮᠳᠡᠭ》᠋ ᠤᠨ ᠬᠦᠭᠵᠢᠯᠳᠠ ᠶᠢᠨ ᠪᠠᠢᠷᠢᠰᠢᠯ ᠢ ᠢᠳᠡᠪᠬᠢᠳᠠᠢ ᠪᠠᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠠᠵᠤ ᠤᠢᠯᠡᠰ ᠢ ᠶᠡᠭᠡᠪᠡᠷ ᠬᠦᠭᠵᠢᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃

        
             ᠡᠤ ᠴᠢᠩ ᠬᠠᠢ ᠡᠴᠨ᠂ ᠦᠪᠡᠷᠳᠡᠭᠡᠨ ᠵᠠᠰᠠᠬᠤ ᠤᠷᠤᠨ ᠤ《ᠬᠤᠶᠠᠷ ᠬᠤᠷᠠᠯ》᠋ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠢᠯᠠᠭᠠᠵᠤ᠂《ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢ ᠠᠬᠢᠭᠤᠯᠬᠤ ᠲᠦᠷᠢᠮ》᠋ ᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ᠂ ᠤᠬᠠᠭᠤᠯᠬᠤ ᠡᠷᠴᠢᠮ ᠶᠢᠠᠨ ᠦᠨᠡᠨᠬᠦ ᠴᠢᠩᠭᠠᠷᠠᠭᠤᠯᠵᠤ᠂ᠨᠠᠮ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠦᠨᠳᠤᠰᠤᠨ ᠱᠠᠳᠤᠨ ᠳᠤ ᠨᠠᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠭᠡᠷᠡᠭᠳᠡᠢ᠃ ᠨᠠᠮ ᠤᠨ ᠤᠳᠤᠷᠢᠳᠤᠯᠭ᠎ᠠ ᠶᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠨ ᠳᠤ ᠲᠤᠭᠤᠰᠢᠯᠠᠭᠤᠯᠬᠤ ᠶᠢ ᠪᠠᠷᠢᠮᠳᠠᠯᠠᠵᠤ᠂ ᠤᠯᠤᠰ ᠲᠦᠷᠤ ᠶᠢᠨ ᠵᠢᠯᠤᠭᠤᠳᠤᠯᠭ᠎ᠠ ᠶᠢ ᠲᠤᠪᠤᠢᠯᠠᠭᠠᠨ᠂ ᠡᠯ᠎ᠠ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢ ᠬᠦᠮᠤᠵᠢᠬᠦᠯᠵᠤ ᠪᠤᠯᠪᠠᠰᠤᠷᠠᠭᠤᠯᠬᠤ ᠡᠷᠴᠢᠮ ᠶᠢᠠᠨ ᠴᠢᠩᠭᠠᠷᠠᠭᠤᠯᠬᠤ ᠭᠡᠷᠡᠭᠳᠡᠢ᠃ ᠲᠦᠯᠤᠭᠡᠯᠡᠭᠴᠢ ᠶᠢᠨ ᠨᠡᠢᠳᠡᠯᠢᠭ ᠤᠢᠯᠨ ᠠᠵᠢᠯᠯᠠᠭ᠎ᠠ ᠶᠢ ᠬᠦᠨᠵᠡᠭᠡᠢ ᠠᠭᠤᠳᠠᠯᠵᠤ᠂ ᠲᠦᠯᠤᠭᠡᠯᠡᠭᠴᠢ ᠶᠢᠨ ᠵᠢᠱᠢᠶ᠎ᠠ ᠦᠵᠡᠬᠦᠯᠵᠤ ᠬᠦᠳᠤᠯᠤᠨ ᠲᠠᠭᠠᠭᠤᠯᠬᠤ ᠤᠢᠯᠡᠳᠤᠯ ᠢ ᠦᠨᠡᠨᠬᠦ ᠪᠠᠳᠠᠷᠠᠭᠤᠯᠬᠤ ᠭᠡᠷᠡᠭᠳᠡᠢ᠃ ᠶᠡᠭᠡ ᠲᠠᠯ᠎ᠠ ᠶᠢ ᠡᠵᠡᠮᠳᠡᠵᠤ᠂ ᠰᠡᠳᠬᠢᠴᠨ ᠪᠠᠨ ᠰᠢᠯᠤᠭᠤᠳᠬᠠᠵᠤ᠂2021 ᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠯ᠎ᠠ ᠲᠦᠷᠤᠯ ᠤᠨ ᠠᠵᠢᠯ ᠢ ᠰᠠᠢᠳᠤᠷ ᠲᠦᠯᠤᠪᠵᠢᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃

        
             ᠡᠤ ᠴᠢᠩ ᠬᠠᠢ ᠨᠠᠷ ᠵᠢᠯ ᠤᠨ ᠡᠴᠤᠰ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ᠂ ᠠᠶᠤᠯᠬᠦᠢ ᠤᠢᠯᠡᠳᠪᠤᠷᠢᠯᠡᠯ᠂ ᠬᠦᠴᠢᠷᠳᠡᠯᠳᠠᠢ ᠤᠯᠨᠨ ᠲᠦᠮᠨᠨ ᠢ ᠬᠠᠷᠭᠠᠯᠵᠠᠨ ᠬᠠᠯᠠᠮᠵᠢᠯᠠᠬᠤ ᠵᠡᠷᠭᠡ ᠠᠵᠢᠯ ᠳᠤ ᠵᠢᠯᠤᠭᠤᠳᠤᠯᠭ᠎ᠠ ᠶᠢᠨ ᠴᠢᠨᠠᠷᠳᠠᠢ ᠰᠠᠨᠠᠭᠤᠯᠭ᠎ᠠ ᠲᠤᠷᠠᠳᠴᠠᠢ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠤᠳᠤᠷᠢᠳᠤᠯᠭ᠎ᠠ ᠠᠵᠢᠯ ᠡᠴᠨ ᠠᠮᠠᠷᠠᠭᠰᠨᠨ ᠠᠬᠠᠮᠠᠳ ᠺᠠᠳ᠋ᠷᠴᠤᠤᠨ ᠢ ᠪᠤᠯᠭᠤᠭᠠᠨ ᠲᠤᠬᠤᠨᠢᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ 2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ