ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ

2 ᠰᠠᠷ᠎ᠠ ᠶᠢᠨ 4᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ 2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠪᠠᠢᠭᠤᠯᠭ᠎ᠠ ᠶᠢᠨ ᠨᠠᠮ ᠤᠨ ᠤᠳᠤᠷᠢᠳᠬᠤ ᠪᠠᠭ ᠤᠨ ᠪᠦᠷᠢᠯᠳᠤᠬᠦᠨ ᠭᠡᠰᠢᠬᠦᠤᠨ ᠬᠤᠷᠠᠯ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠭᠡᠯᠳᠡᠰ ᠤᠨ 2020 ᠤᠨ ᠤ ᠨᠠᠮ ᠤᠨ ᠭᠡᠰᠢᠬᠦᠨ ᠤᠳᠤᠷᠢᠳᠬᠤ ᠺᠠᠳ᠋ᠷ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠶᠠᠳᠤᠭᠠᠷ ᠬᠢᠨᠠᠨ ᠵᠢᠯᠤᠭᠤᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠯᠢ ᠰᠢᠤᠢ ᠭᠤᠸᠠᠩ᠂ ᠫᠠᠩ ᠰᠢᠨ ᠶᠦᠸᠸ ᠬᠤᠷᠠᠯ ᠳᠤ ᠤᠷᠤᠯᠴᠠᠨ ᠬᠢᠨᠠᠨ ᠵᠢᠯᠤᠭᠤᠳᠪᠠ᠃


ᠬᠤᠷᠠᠯ ᠲᠠᠭᠡᠷ᠎ᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ 2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠮᠤᠨᠡᠬᠢ ᠰᠠᠨᠠᠯ ᠬᠤᠷᠢᠶᠠᠭᠰᠨᠨ ᠪᠠᠢᠳᠠᠯ ᠢ ᠮᠡᠳᠡᠭᠳᠡᠬᠦ ᠶᠢᠨ ᠬᠠᠮᠳᠤ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭᠰᠨᠨ ᠪᠠᠢᠳᠠᠯ ᠢ ᠨᠡᠪᠳᠡᠷᠭᠡᠪᠡ᠃ ᠯᠢ ᠴᠸᠩ ᠬᠦᠸᠸ ᠡᠴᠨ ᠤᠳᠤᠷᠢᠳᠬᠤ ᠪᠠᠭ ᠢ ᠲᠦᠯᠤᠭᠡᠯᠡᠵᠤ ᠬᠠᠷᠭᠤᠭᠤᠯᠤᠭᠰᠨᠨ ᠪᠠᠢᠴᠠᠭᠠᠯᠳᠠ ᠬᠢᠭᠰᠡᠡ ᠪᠠ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠲᠠᠷᠠᠭᠠᠯᠠᠨ ᠬᠤᠪᠢ ᠬᠦᠮᠤᠨ ᠤ ᠬᠠᠷᠭᠤᠭᠤᠯᠤᠭᠰᠨᠨ ᠪᠠᠢᠴᠠᠭᠠᠯᠳᠠ ᠬᠢᠵᠤ᠂ ᠰᠢᠬᠦᠮᠵᠢᠯᠠᠯ ᠪᠠ ᠦᠪᠡᠷ ᠤᠨ ᠰᠢᠬᠦᠮᠵᠢᠯᠡᠯ ᠢ ᠨᠠᠷᠢᠯᠢᠭ ᠦᠷᠨᠢᠬᠦᠯᠪᠡ᠃

ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠳ ᠤᠨ ᠬᠠᠷᠭᠤᠭᠤᠯᠤᠭᠰᠨᠨ ᠪᠠᠢᠴᠠᠭᠠᠯᠳᠠ ᠲᠠᠭᠤᠰᠤᠭᠰᠨᠨ ᠤ ᠲᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠭᠡᠯᠳᠡᠰ ᠤᠨ ᠬᠤᠶᠠᠳᠤᠭᠠᠷ ᠬᠢᠨᠠᠨ ᠵᠢᠯᠤᠭᠤᠳᠬᠤ ᠲᠤᠭᠤᠢᠯᠠᠩ ᠤᠨ ᠨᠦᠬᠦᠷ ᠡᠴᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠨᠡᠯᠡᠵᠤ ᠬᠦᠢᠴᠡᠳ ᠨᠤᠳᠠᠯᠠᠬᠤ ᠶᠢᠨ ᠬᠠᠮᠳᠤ᠂ ᠪᠠᠢᠭᠤᠯᠭ᠎ᠠ ᠶᠢᠨ ᠪᠤᠳᠠᠳᠠᠢ ᠲᠠᠢ ᠤᠶᠠᠯᠳᠤᠭᠤᠯᠤᠨ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠲᠤᠷᠠᠳᠪᠠ᠃

ᠬᠤᠷᠠᠯ ᠡᠴᠨ᠂ ᠤᠨᠤᠯ ᠤᠨ ᠰᠤᠷᠤᠯᠴᠠᠯᠭ᠎ᠠ ᠶᠢᠨ ᠰᠠᠢᠨ ᠭᠡᠪ ᠲᠠᠭᠤᠷᠢᠶᠠᠯ ᠪᠠ ᠠᠵᠢᠯ ᠤᠢᠯᠡᠰ ᠶᠢᠠᠨ ᠰᠠᠢᠳᠤᠷ ᠬᠢᠬᠦ ᠭᠡᠪ ᠲᠠᠭᠤᠷᠢᠶᠠᠯ ᠪᠤᠯᠬᠤ ᠭᠡᠷᠡᠭᠳᠡᠢ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠷᠠᠭᠤᠯᠵᠤ᠂ ᠠᠵᠨ ᠲᠤᠬᠢᠶᠠᠯ ᠤᠨ ᠦᠵᠡᠯ ᠤᠬᠠᠮᠰᠠᠷ ᠶᠢᠠᠨ ᠴᠢᠩᠭᠠᠳᠬᠠᠵᠤ᠂ ᠡᠵᠡᠮᠳᠡᠬᠦ ᠴᠢᠳᠠᠪᠤᠷᠢ ᠪᠠᠨ ᠲᠠᠭᠡᠭᠰᠢᠯᠡᠬᠦᠯᠤᠨ᠂ ᠬᠦᠴᠦᠷᠭᠡᠭ ᠶᠡᠭᠡ ᠲᠠᠮᠡᠴᠡᠯ ᠤᠨ ᠵᠤᠷᠢᠭ ᠰᠠᠨᠠᠭ᠎ᠠ᠂ ᠴᠦᠬᠦᠷᠡᠰᠢ ᠦᠭᠡᠢ ᠲᠡᠮᠡᠴᠡᠬᠦ ᠤᠪᠤᠷ ᠪᠠᠢᠳᠠᠯ ᠶᠢᠠᠷ ᠡᠯ᠎ᠠ ᠲᠦᠷᠤᠯ ᠤᠨ ᠠᠵᠢᠯ ᠤᠨ ᠰᠢᠨ᠎ᠡ ᠪᠠᠢᠳᠠᠯ ᠢ ᠡᠬᠦᠳᠬᠦ ᠶᠢ ᠠᠬᠢᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃(ᠳ᠋ᠠᠢ ᠰᠢᠶᠦ᠋ᠩ)