ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ 2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ

2021 ᠤᠨ ᠤ 2 ᠰᠠᠷ᠎ᠠ ᠶᠢᠨ 5᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ 2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠡᠤ ᠰᠢᠶᠤᠤ᠂ ᠦᠷᠡᠪᠠᠳᠤ᠂ ᠰᠦᠩ ᠯᠢᠶᠠᠨ ᠡᠾᠦ᠋ᠢ᠂ ᠯᠢ ᠴᠸᠩ ᠬᠦᠸᠸ᠂ ᠪᠤᠶᠠᠨᠮᠦ᠋ᠩᠭᠡ ᠬᠤᠷᠠᠯ ᠳᠤ ᠤᠷᠤᠯᠴᠠᠵᠤ᠂ ᠲᠠᠳ᠋ ᠡᠷᠬᠢᠯᠡᠭᠴᠢ ᠪᠦ᠋ ᠮᠤᠤ ᠰᠢᠶᠠᠩ ᠬᠤᠷᠠᠯ ᠳᠤ ᠰᠤᠯᠨ ᠤᠷᠤᠯᠴᠠᠪᠠ᠃ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠡᠤ ᠴᠢᠩ ᠬᠠᠢ ᠬᠤᠷᠠᠯ ᠡᠷᠬᠢᠯᠡᠬᠦ ᠶᠢᠨ ᠬᠠᠮᠳᠤ ᠳ᠋ᠦ᠋ᠩᠨᠡᠯᠳᠠ ᠶᠢᠨ ᠶᠠᠷᠢᠶ᠎ᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢᠭᠤᠯᠬᠤ ᠭᠡᠯᠳᠡᠰ ᠤᠨ ᠲᠠᠳ᠋ ᠲᠠᠷᠤᠭ᠎ᠠ ᠰᠢᠶᠸ ᠴᠸᠨ᠂ ᠬᠤᠰᠢᠭᠤᠨ ᠤ ᠰᠠᠬᠢᠯᠭ᠎ᠠ ᠪᠠᠳᠤ ᠪᠠᠢᠴᠠᠭᠠᠬᠤ ᠬᠤᠷᠢᠶᠠᠨ ᠤ ᠪᠠᠢᠩᠭᠤ ᠶᠢᠨ ᠭᠡᠰᠢᠬᠦᠨ ᠱᠢ ᠢᠤᠢ ᠬᠦᠸᠸ ᠬᠤᠷᠠᠯ ᠳᠤ ᠤᠷᠤᠯᠴᠠᠨ ᠵᠢᠯᠤᠭᠤᠳᠪᠠ᠃

ᠬᠤᠷᠠᠯ ᠲᠠᠭᠡᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠪᠠᠭ ᠤᠨ ᠲᠠᠭᠡᠷ᠎ᠠ ᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭᠰᠨᠨ ᠪᠠᠢᠳᠠᠯ ᠢ ᠨᠡᠪᠳᠡᠷᠭᠡᠪᠡ᠃ ᠡᠤ ᠴᠢᠩ ᠬᠠᠢ ᠡᠩ ᠲᠠᠷᠢᠬᠦᠨ ᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠪᠠᠭ ᠢ ᠲᠦᠯᠤᠭᠡᠯᠡᠨ ᠬᠠᠷᠭᠤᠭᠤᠯᠤᠭᠰᠨᠨ ᠪᠠᠢᠴᠠᠭᠠᠯᠳᠠ ᠬᠢᠬᠦ ᠶᠢᠨ ᠬᠠᠮᠳᠤ᠂ ᠲᠦᠷᠤᠬᠦᠯᠡᠨ ᠦᠪᠡᠷ ᠤᠨ ᠰᠢᠬᠦᠮᠵᠢᠯᠡᠯ ᠬᠢᠵᠤ᠂ ᠦᠪᠡᠷ ᠤᠨ ᠪᠡᠶ᠎ᠠ ᠳᠤ ᠪᠠᠨ ᠤᠷᠤᠰᠢᠵᠤ ᠪᠠᠢᠭ᠎ᠠ ᠠᠰᠠᠭᠤᠳᠠᠯ ᠶᠢᠠᠨ ᠬᠦᠨᠵᠡᠭᠡᠢ ᠪᠠᠢᠴᠠᠭᠠᠨ ᠢᠯᠡᠷᠡᠬᠦᠯᠪᠡ᠃ ᠲᠠᠷᠠᠭ᠎ᠠ ᠨᠢ ᠤᠳᠤᠷᠢᠳᠬᠤ ᠪᠠᠭ ᠤᠨ ᠪᠦᠷᠢᠯᠳᠤᠬᠦᠨ ᠨᠢᠭᠡᠳ ᠨᠢᠭᠡ ᠪᠡᠷ ᠬᠤᠪᠢ ᠬᠦᠮᠤᠨ ᠤ ᠬᠠᠷᠭᠤᠭᠤᠯᠤᠭᠰᠨᠨ ᠪᠠᠢᠴᠠᠭᠠᠯᠳᠠ ᠬᠢᠵᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠦᠷᠨᠢᠬᠦᠯᠵᠤ᠂ ᠬᠤᠢᠰᠢᠳᠠ ᠶᠢᠨ ᠴᠢᠷᠮᠠᠢᠬᠤ ᠴᠢᠭᠯᠡᠯ ᠪᠠ ᠴᠡᠭᠴᠡᠯᠡᠨ ᠰᠠᠢᠵᠢᠷᠠᠭᠤᠯᠬᠤ ᠠᠷᠭ᠎ᠠ ᠭᠡᠮᠵᠢᠶ᠎ᠠ ᠪᠠᠨ ᠲᠤᠳᠤᠷᠬᠠᠢᠯᠠᠨ᠂ ᠬᠠᠷᠢᠯᠴᠠᠨ ᠬᠠᠪᠰᠤᠷᠤᠯᠴᠠᠬᠤ᠂ ᠬᠠᠮᠳᠤ ᠶᠢᠨ ᠲᠠᠨᠢᠯᠳᠠ ᠪᠠᠨ ᠨᠢᠭᠳᠠᠷᠠᠭᠤᠯᠬᠤ᠂ ᠪᠦᠯᠬᠦᠮᠳᠠᠯ ᠢ ᠴᠢᠩᠭᠠᠳᠬᠠᠬᠤ ᠵᠡᠷᠭᠡ ᠵᠢᠱᠢᠭᠰᠡᠨ ᠬᠠᠷᠠᠯᠳᠠ ᠳᠤ ᠬᠦᠷᠪᠡ᠃


ᠡᠤ ᠴᠢᠩ ᠬᠠᠢ ᠡᠴᠨ᠂ ᠤᠯᠤᠰ ᠲᠦᠷᠤ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠠᠭᠡᠭᠰᠢᠯᠡᠬᠦᠯᠵᠤ᠂ ᠤᠯᠤᠰ ᠲᠦᠷᠤ ᠶᠢᠨ ᠰᠡᠷᠭᠡᠭ ᠴᠢᠨᠠᠷ ᠪᠠ ᠢᠯᠭᠠᠨ ᠲᠠᠨᠢᠬᠤ ᠴᠢᠳᠠᠪᠤᠷᠢ ᠪᠠᠨ ᠲᠠᠰᠤᠷᠠᠯᠳᠠ ᠦᠭᠡᠢ ᠲᠠᠭᠡᠭᠰᠢᠯᠡᠬᠦᠯᠬᠦ ᠭᠡᠷᠡᠭᠳᠡᠢ᠃ ᠤᠳᠤᠷᠢᠳᠬᠤ ᠪᠠᠭ ᠤᠨ ᠪᠠᠢᠭᠤᠯᠤᠯᠳᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠠᠨ ᠦᠷᠬᠦᠯᠵᠢᠯᠡᠨ ᠲᠠᠭᠡᠭᠰᠢᠯᠡᠬᠦᠯᠬᠦ ᠭᠡᠷᠡᠭᠳᠡᠢ᠃ ᠠᠰᠠᠭᠤᠳᠠᠯ ᠢ ᠴᠡᠭᠴᠡᠯᠡᠨ ᠰᠠᠢᠵᠢᠷᠠᠭᠤᠯᠬᠤ ᠶᠢ ᠤᠯᠠᠮ ᠨᠢᠭᠡ ᠠᠯᠬᠤᠮ ᠰᠠᠢᠳᠤᠷ ᠠᠳᠬᠤᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠤᠳᠠᠳᠠᠢ ᠶᠢ ᠡᠷᠬᠢᠮᠯᠡᠬᠦ ᠶᠢ ᠨᠢᠭᠡᠳᠤᠯᠳᠠᠢ ᠲᠦᠯᠤᠪᠵᠢᠬᠦᠯᠤᠨ ᠠᠬᠢᠭᠤᠯᠬᠤ ᠭᠡᠷᠡᠭᠳᠡᠢ᠃ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠴᠡᠭᠴᠡᠯᠡᠨ ᠰᠠᠢᠵᠢᠷᠠᠭᠤᠯᠬᠤ ᠶᠠᠪᠤᠴᠨ ᠳᠠᠭᠠᠨ ᠲᠦᠷᠤᠬᠦᠯᠡᠨ ᠵᠢᠱᠢᠶ᠎ᠠ ᠦᠵᠡᠬᠦᠯᠵᠤ᠂ ᠲᠤᠰ ᠤᠳᠠᠭᠠᠨ ᠤ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠲᠠᠭᠡᠷ᠎ᠠ ᠢᠯᠡᠷᠡᠬᠦᠯᠦᠭᠰᠨᠨ ᠠᠰᠠᠭᠤᠳᠠᠯ ᠳᠤ ᠴᠢᠭᠯᠡᠬᠦᠯᠤᠨ ᠴᠡᠭᠴᠡᠯᠡᠨ ᠰᠠᠢᠵᠢᠷᠠᠭᠤᠯᠬᠤ ᠠᠷᠭ᠎ᠠ ᠭᠡᠮᠵᠢᠶ᠎ᠠ ᠪᠠᠨ ᠵᠤᠷᠪᠤᠰ ᠲᠠᠷᠠᠭᠠᠯᠠᠨ ᠲᠤᠭᠳᠠᠭᠠᠵᠤ᠂ ᠴᠡᠭᠴᠡᠯᠡᠨ ᠰᠠᠢᠵᠢᠷᠠᠭᠤᠯᠬᠤ ᠠᠬᠢᠴᠨ ᠪᠠᠨ ᠲᠤᠳᠤᠷᠬᠠᠢᠯᠠᠨ᠂ ᠪᠠᠶᠡᠯᠡᠬᠦᠯᠬᠦ ᠴᠠᠭ ᠤᠨ ᠬᠢᠵᠠᠭᠠᠷ ᠲᠤᠭᠳᠠᠭᠠᠵᠤ᠂ ᠠᠰᠠᠭᠤᠳᠠᠯ ᠶᠢᠠᠨ ᠲᠤᠢᠯᠪᠤᠷᠢᠳᠠᠢ ᠴᠡᠭᠴᠡᠯᠡᠨ ᠰᠠᠢᠵᠢᠷᠠᠭᠤᠯᠵᠤ᠂ ᠢᠯᠡᠷᠡᠬᠦᠯᠦᠭᠰᠨᠨ ᠠᠰᠠᠭᠤᠳᠠᠯ ᠶᠢᠠᠨ ᠵᠤᠷᠪᠤᠰ ᠲᠠᠷᠠᠭᠠᠯᠠᠨ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃(ᠳ᠋ᠠᠢ ᠰᠢᠶᠦ᠋ᠩ)