ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠪᠡᠯᠡᠳᠭᠡᠯ ᠲᠤᠭᠤᠢᠯᠠᠩ ᠤᠨ ᠠᠵᠢᠯ᠋ ᠢ ᠵᠤᠬᠢᠴᠠᠭᠤᠯᠬᠤ ᠬᠤᠷᠠᠯ ᠬᠤᠷᠠᠯᠳᠤᠭᠤᠯᠪᠠ


2 ᠰᠠᠷ᠎ᠠ ᠶᠢᠨ 5᠋᠋ ᠤ ᠡᠳᠤᠷ᠂ ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠪᠡᠯᠡᠳᠭᠡᠯ ᠲᠤᠭᠤᠢᠯᠠᠩ ᠤᠨ ᠠᠵᠢᠯ ᠢ ᠵᠤᠬᠢᠴᠠᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠬᠢᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠭᠡᠰᠡᠭ ᠠᠵᠢᠯ ᠤᠨ ᠵᠦᠪᠯᠡᠯ ᠤᠨ ᠡᠷᠬᠢᠯᠡᠭᠴᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠪᠡ᠃

ᠬᠤᠷᠠᠯ ᠲᠠᠭᠡᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠡᠴᠨ《ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠪᠡᠯᠡᠳᠭᠡᠯ ᠠᠵᠢᠯ ᠤᠨ ᠲᠦᠰᠤᠪ》᠋ ᠢ ᠤᠩᠰᠢᠨ ᠨᠡᠪᠳᠡᠷᠭᠡᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠠᠳ᠋ ᠡᠷᠬᠢᠯᠡᠭᠴᠢ ᠡᠤ ᠰᠢᠶᠤᠤ ᠡᠴᠨ ᠲᠤᠰ ᠤᠳᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠯ᠎ᠠ ᠲᠦᠷᠤᠯ ᠤᠨ ᠪᠡᠯᠡᠳᠭᠡᠯ ᠠᠵᠢᠯ ᠪᠠ ᠤᠢᠯᠡᠴᠢᠯᠡᠭᠡᠨ ᠤ ᠪᠠᠳᠤᠯᠠᠭ᠎ᠠ ᠶᠢᠨ ᠠᠵᠢᠯ ᠳᠤ ᠪᠦᠬᠦ ᠲᠠᠯ᠎ᠠ ᠶᠢᠨ ᠪᠠᠢᠷᠢᠯᠠᠭᠤᠯᠤᠯᠳᠠ ᠬᠢᠪᠡ᠃


ᠡᠤ ᠰᠢᠶᠤᠤ ᠡᠴᠨ᠂ ᠡᠯ᠎ᠠ ᠪᠠᠭ᠎ᠠ ᠲᠤᠭᠤᠢᠯᠠᠩ ᠤᠨ ᠠᠵᠢᠯᠳᠠᠨ ᠤᠯᠤᠰ ᠲᠦᠷᠤ ᠶᠢᠨ ᠵᠤᠭᠰᠤᠴᠨ ᠪᠠᠨ ᠲᠠᠭᠡᠭᠰᠢᠯᠡᠬᠦᠯᠤᠨ᠂ ᠶᠡᠭᠡ ᠬᠤᠷᠠᠯ ᠤᠨ ᠪᠡᠯᠡᠳᠭᠡᠯ ᠠᠵᠢᠯ ᠤᠨ ᠴᠢᠬᠤᠯᠨ ᠴᠢᠨᠠᠷ ᠪᠠ ᠪᠠᠴᠢᠮ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠡᠬᠦᠷᠭᠡ ᠬᠠᠷᠢᠭᠤᠴᠠᠯᠭᠠᠳᠤ ᠰᠡᠳᠬᠢᠯᠭᠡ ᠪᠠᠨ ᠨᠡᠮᠡᠭᠳᠡᠬᠦᠯᠬᠦ ᠭᠡᠷᠡᠭᠳᠡᠢ᠃ ᠨᠠᠷᠢᠯᠢᠭ ᠲᠤᠬᠢᠷᠠᠭᠤᠯᠤᠨ ᠪᠠᠢᠷᠢᠯᠠᠭᠤᠯᠵᠤ᠂ ᠠᠵᠢᠯ ᠤᠨ ᠰᠠᠬᠢᠯᠭ᠎ᠠ ᠪᠠᠳᠤ ᠶᠢ ᠴᠢᠩᠳᠠᠯᠠᠬᠤ ᠭᠡᠷᠡᠭᠳᠡᠢ᠃ ᠠᠵᠢᠯᠳᠠᠨ ᠨᠢᠭᠡᠪᠤᠷᠢ ᠲᠤᠰ ᠲᠤᠰ ᠤᠨ ᠠᠵᠢᠯ ᠲᠤᠮᠳᠠ ᠪᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠪᠡᠯᠡᠳᠭᠡᠯ ᠠᠵᠢᠯ ᠤᠨ ᠭᠠᠵᠠᠷ ᠤᠨ ᠨᠢᠭᠡᠳᠤᠯᠳᠠᠢ ᠲᠤᠬᠢᠷᠠᠭᠤᠯᠤᠯᠳᠠ ᠶᠢ ᠬᠢᠨᠠᠮᠠᠭᠠᠢ ᠰᠤᠨᠤᠰᠴᠤ᠂ ᠡᠯ᠎ᠠ ᠲᠦᠷᠤᠯ ᠤᠨ ᠠᠵᠢᠯ ᠢ ᠰᠠᠨᠠᠭᠠᠴᠢᠯᠠᠭ᠎ᠠ ᠡᠴᠨ ᠢᠳᠡᠪᠬᠢᠳᠠᠢ ᠰᠠᠢᠳᠤᠷ ᠬᠢᠵᠤ᠂ ᠴᠢᠩᠭ᠎ᠠ ᠨᠢᠮᠪᠠᠢ ᠤᠪᠤᠷ᠂ ᠰᠢᠯᠢᠳᠡᠭ ᠤᠢᠯᠡᠴᠢᠯᠡᠭᠡ᠂ᠲᠠᠷᠢᠬᠦᠨ ᠵᠡᠷᠭᠡ ᠶᠢᠨ ᠰᠤᠷᠳᠠᠯ ᠶᠢᠠᠷ ᠶᠡᠭᠡ ᠬᠤᠷᠠᠯ ᠤᠨ ᠤᠷᠤᠭᠰᠢᠳᠠᠢ ᠬᠤᠷᠠᠯᠳᠤᠬᠤ ᠪᠠ ᠲᠠᠬᠦᠰ ᠠᠮᠵᠢᠯᠳᠠ ᠤᠯᠬᠤ ᠶᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃

ᠬᠤᠷᠠᠯ ᠤᠨ ᠲᠠᠷᠠᠭ᠎ᠠ᠂ ᠶᠡᠭᠡ ᠬᠤᠷᠠᠯ ᠤᠨ ᠪᠢᠴᠢᠭ᠌ ᠮᠠᠲ᠋ᠸᠷᠢᠶᠠᠯ ᠤᠨ ᠲᠤᠭᠤᠢᠯᠠᠩ ᠤᠨ ᠠᠵᠢᠯᠳᠠᠳ ᠠᠭᠤᠯᠵᠠᠨ ᠶᠠᠷᠢᠯᠴᠠᠬᠤ ᠬᠤᠷᠠᠯ ᠬᠤᠷᠠᠯᠳᠤᠭᠤᠯᠤᠨ᠂ ᠡᠯ᠎ᠠ ᠪᠠᠢᠭᠤᠯᠭ᠎ᠠ ᠨᠢᠭᠡᠴᠨ ᠶᠢᠨ ᠬᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠪᠢᠴᠢᠭ᠌ ᠮᠠᠲ᠋ᠸᠷᠢᠶᠠᠯ ᠲᠤᠭᠤᠷᠪᠢᠬᠤ ᠠᠵᠢᠯ ᠤᠨ ᠠᠬᠢᠴᠨ ᠶᠢᠨ ᠪᠠᠢᠳᠠᠯ ᠪᠠ ᠲᠠᠷᠠᠭᠠᠴᠢ ᠶᠢᠨ ᠠᠵᠢᠯ ᠤᠨ ᠲᠤᠬᠢᠷᠠᠭᠤᠯᠤᠯᠳᠠ ᠶᠢ ᠲᠠᠨᠢᠯᠴᠠᠭᠤᠯᠪᠠ᠃ ᠪᠢᠴᠢᠭ᠌ ᠮᠠᠲ᠋ᠸᠷᠢᠶᠠᠯ ᠤᠨ ᠲᠤᠭᠤᠢᠯᠠᠩ ᠤᠨ ᠲᠠᠷᠤᠭ᠎ᠠ ᠯᠢ ᠴᠸᠩ ᠬᠦᠸᠸ ᠡᠴᠨ᠂ᠲᠤᠰ ᠠᠵᠢᠯ ᠢ ᠲᠠᠭᠡᠳᠤ ᠭᠡᠮᠵᠢᠶ᠎ᠠ ᠪᠡᠷ ᠴᠢᠬᠤᠯᠠᠴᠢᠯᠠᠵᠤ᠂ ᠠᠵᠢᠯ ᠤᠨ ᠮᠡᠳᠡᠬᠦᠯᠤᠯᠳᠠ ᠶᠢ ᠲᠤᠭᠤᠷᠪᠢᠬᠤ ᠡᠬᠦᠷᠭᠡ ᠶᠢ ᠨᠠᠷᠢᠯᠢᠭ ᠤᠨᠤᠪᠴᠢᠳᠠᠢ ᠪᠠᠶᠡᠯᠡᠬᠦᠯᠤᠨ᠂ ᠬᠠᠷᠢᠭᠤᠴᠠᠯᠭ᠎ᠠ ᠪᠠᠨ ᠴᠢᠩᠭᠠᠷᠠᠭᠤᠯᠬᠤ ᠭᠡᠷᠡᠭᠳᠡᠢ᠃ ᠡᠯ᠎ᠠ ᠪᠢᠴᠢᠭ᠌ ᠮᠠᠲ᠋ᠸᠷᠢᠶᠠᠯ ᠲᠤᠭᠤᠷᠪᠢᠬᠤ ᠪᠠᠢᠭᠤᠯᠭ᠎ᠠ ᠡᠴᠨ ᠪᠢᠴᠢᠭ᠌ ᠮᠠᠲ᠋ᠸᠷᠢᠶᠠᠯ ᠲᠤᠭᠤᠷᠪᠢᠬᠤ ᠠᠵᠢᠯ ᠤᠨ ᠪᠠᠭ᠎ᠠ ᠲᠤᠭᠤᠢᠯᠠᠩ ᠶᠢᠠᠨ ᠪᠦᠷᠢᠨᠰᠢᠬᠦᠯᠵᠤ᠂ ᠠᠵᠢᠯ ᠤᠨ ᠬᠤᠪᠢᠶᠠᠷᠢᠯᠠᠯ ᠶᠢᠠᠨ ᠲᠤᠳᠤᠷᠬᠠᠢᠯᠠᠨ᠂ ᠲᠤᠭᠤᠰᠢᠳᠠᠢ ᠨᠠᠢᠳᠠᠪᠤᠷᠢᠵᠢᠭᠤᠯᠵᠤ᠂ ᠶᠡᠭᠡ ᠬᠤᠷᠠᠯ ᠤᠨ ᠬᠤᠷᠠᠯᠳᠤᠬᠤ ᠳᠤ ᠴᠢᠨᠠᠷ ᠰᠠᠢᠳᠠᠢ ᠪᠢᠴᠢᠭ᠌ ᠮᠠᠲ᠋ᠸᠷᠢᠶᠠᠯ ᠬᠠᠩᠭᠠᠬᠤ ᠭᠡᠷᠡᠭᠳᠡᠢ ᠭᠡᠵᠤ ᠴᠢᠬᠤᠯᠠᠴᠢᠯᠠᠪᠠ᠃(ᠳ᠋ᠠᠢ ᠰᠢᠶᠦ᠋ᠩ)