ᠵᠠᠷᠤᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠲᠤᠰᠬᠠᠢ ᠰᠡᠳᠤᠪᠳᠤ ᠪᠠᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠪᠠ


2 ᠰᠠᠷ᠎ᠠ ᠶᠢᠨ 6᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠤᠨ ᠲᠤᠰᠬᠠᠢ ᠰᠡᠳᠤᠪᠳᠤ ᠪᠠᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠪᠠ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠰᠤᠩᠭᠤᠭᠤᠯᠢ ᠶᠢᠨ ᠶᠠᠪᠤᠳᠠᠯ ᠤᠨ ᠬᠠᠷᠢᠯᠴᠠᠬᠤ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠵᠢᠴᠢ ᠡᠯ᠎ᠠ ᠰᠤᠮᠤ ᠪᠠᠯᠭᠠᠰᠤ(ᠵᠡᠭᠡᠯᠢ)᠋ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃


ᠬᠤᠷᠠᠯ ᠡᠴᠨ《ᠬᠤᠰᠢᠭᠤ ᠱᠠᠳᠤᠨ ᠤ ᠠᠷᠠᠳ ᠤᠨ ᠲᠦᠯᠤᠭᠡᠯᠡᠭᠴᠢ ᠶᠢᠨ ᠬᠤᠷᠠᠯ ᠡᠴᠨ ᠡᠮᠤᠨᠡᠬᠢ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠰᠠᠢᠳᠤᠷ ᠬᠢᠬᠦ ᠲᠤᠬᠠᠢ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠮᠡᠳᠡᠭᠳᠡᠯ》᠋ ᠢ ᠤᠯᠠᠮᠵᠢᠯᠠᠬᠤ ᠶᠢᠨ ᠬᠠᠮᠳᠤ᠂ ᠬᠢᠵᠢᠭ᠌ ᠤᠨ ᠪᠠᠢᠳᠠᠯ ᠢ ᠪᠠᠢᠴᠠᠭᠠᠬᠤ ᠬᠦᠰᠦᠨᠦᠭ ᠪᠠ ᠲᠦᠩᠯᠢᠶᠤᠤ ᠬᠤᠳᠠ ᠶᠢᠨ ᠰᠢᠨ᠎ᠡ ᠭᠡᠯᠪᠡᠷᠢ ᠶᠢᠨ ᠲᠢᠳᠢᠮᠯᠢᠭ᠌ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠪᠠᠴᠢᠮ ᠭᠡᠷᠡᠭᠯᠡᠬᠦ ᠪᠠᠢᠳᠠᠯ ᠢ ᠤᠢᠯᠠᠭᠠᠬᠤ ᠪᠦᠷᠢᠳᠭᠡᠯ ᠬᠦᠰᠦᠨᠦᠭ ᠵᠢᠴᠢ ᠬᠤᠷᠢᠶᠠᠩᠭᠤᠢᠯᠠᠨ ᠮᠡᠳᠡᠬᠦᠯᠬᠦ ᠬᠦᠰᠦᠨᠦᠭ ᠢ ᠲᠠᠷᠬᠠᠭᠠᠪᠠ᠃



ᠬᠤᠷᠠᠯ ᠡᠴᠨ᠂ ᠦᠵᠡᠯ ᠰᠠᠨᠠᠭ᠎ᠠ ᠲᠠᠨᠢᠯᠳᠠ ᠪᠠᠨ ᠰᠤᠯᠠᠷᠠᠭᠤᠯᠵᠤ ᠪᠤᠯᠬᠤ ᠦᠭᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠬᠤ ᠪᠤᠯ ᠪᠦᠬᠦ ᠬᠤᠰᠢᠭᠤᠨ ᠤ ᠠᠷᠠᠳ ᠲᠦᠮᠨᠨ ᠤ ᠤᠯᠤᠰ ᠲᠦᠷᠤ ᠶᠢᠨ ᠠᠮᠢᠳᠤᠷᠠᠯ ᠲᠤᠮᠳᠠᠬᠢ ᠨᠢᠭᠡᠨ ᠲᠤᠮᠤ ᠶᠠᠪᠤᠳᠠᠯ ᠪᠤᠯᠤᠨ᠎ᠡ᠂ ᠶᠡᠭᠡ ᠬᠤᠷᠠᠯ ᠤᠨ ᠠᠮᠤᠷ ᠲᠦᠪᠰᠢᠨ᠂ ᠲᠠᠬᠦᠰ ᠠᠮᠵᠢᠯᠳᠠ ᠲᠠᠢ ᠬᠤᠷᠠᠯᠳᠤᠭᠤᠯᠬᠤ ᠶᠢ ᠪᠠᠳᠤᠯᠠᠬᠤ ᠭᠡᠷᠡᠭᠳᠡᠢ᠃ ᠡᠯ᠎ᠠ ᠲᠦᠯᠤᠭᠡᠯᠡᠭᠴᠢᠳ ᠤᠨ ᠪᠦᠯᠬᠦᠮ ᠤᠯᠤᠰ ᠲᠦᠷᠤ ᠶᠢ ᠡᠷᠬᠢᠮᠯᠡᠬᠦ ᠦᠨᠳᠤᠷᠴᠨ ᠳᠤ ᠵᠤᠭᠰᠤᠵᠤ᠂ ᠶᠡᠭᠡ ᠬᠤᠷᠠᠯ ᠤᠨ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠲᠠᠭᠡᠳᠤ ᠭᠡᠮᠵᠢᠶ᠎ᠠ ᠪᠡᠷ ᠴᠢᠬᠤᠯᠠᠴᠢᠯᠠᠬᠤ ᠭᠡᠷᠡᠭᠳᠡᠢ᠃ ᠬᠢᠵᠢᠭ᠌ ᠢ ᠰᠡᠷᠭᠡᠢᠯᠡᠬᠦ ᠠᠷᠭ᠎ᠠ ᠭᠡᠮᠵᠢᠶ᠎ᠠ ᠶᠢ ᠴᠢᠩᠭ᠎ᠠ ᠨᠠᠢᠳᠠᠪᠤᠷᠢᠵᠢᠭᠤᠯᠤᠨ᠂ ᠡᠯ᠎ᠠ ᠲᠦᠷᠤᠯ ᠤᠨ ᠬᠢᠵᠢᠭ᠌ ᠢ ᠰᠡᠷᠭᠡᠢᠯᠡᠬᠦ ᠰᠠᠬᠢᠯᠭ᠎ᠠ ᠪᠠᠳᠤ ᠶᠢ ᠴᠢᠩᠳᠠᠯᠠᠵᠤ᠂ ᠡᠳᠤᠷ ᠲᠤᠳᠤᠮ ᠤᠨ ᠬᠢᠨᠠᠵᠤ ᠬᠠᠮᠢᠶᠠᠷᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠡᠴᠨ ᠪᠠᠨ ᠬᠠᠷᠢᠭᠤᠴᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢ ᠱᠠᠯᠠᠪᠳᠠᠭᠤᠯᠤᠨ ᠬᠤᠪᠢ ᠬᠦᠮᠤᠨ ᠤ ᠡᠷᠡᠬᠦᠯ ᠮᠡᠨᠳᠤ ᠶᠢᠨ ᠬᠢᠨᠠᠨ ᠭᠡᠮᠵᠢᠯᠳᠠ ᠶᠢᠨ ᠲᠠᠮᠳᠡᠭᠯᠡᠯ ᠢ ᠡᠳᠤᠷ ᠪᠦᠷᠢ ᠲᠠᠭᠯᠠᠨ ᠮᠡᠳᠡᠬᠦᠯᠬᠦ ᠶᠢᠨ ᠬᠠᠮᠳᠤ᠂ ᠬᠤᠷᠠᠯ ᠡᠴᠨ ᠡᠮᠤᠨᠡᠬᠢ14 ᠡᠳᠤᠷ ᠤᠨ ᠰᠢᠨ᠎ᠠ ᠲᠢᠳᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢᠳᠠᠯ ᠢ ᠬᠢᠨᠠᠨ ᠪᠠᠢᠴᠠᠭᠠᠭᠰᠨᠨ ᠪᠠᠢᠳᠠᠯ ᠪᠡ ᠸᠠᠺᠼᠢᠨ ᠤ ᠲᠠᠷᠢᠯᠭ᠎ᠠ ᠬᠢᠭᠰᠡᠡ ᠪᠠᠢᠳᠠᠯ ᠢ ᠬᠤᠷᠢᠶᠠᠩᠭᠤᠢᠯᠠᠨ ᠮᠡᠳᠡᠬᠦᠯᠬᠦ ᠶᠢ ᠬᠠᠷᠢᠭᠤᠴᠠᠵᠤ᠂ ᠦᠨᠡᠨ ᠢ ᠪᠠᠷᠢᠮᠳᠠᠯᠠᠨ ᠨᠠᠷᠢᠯᠢᠭᠵᠢᠭᠤᠯᠵᠤ᠂ ᠨᠠᠷᠢᠯᠢᠭ ᠪᠤᠳᠠᠳᠠᠢ ᠠᠳᠬᠤᠨ᠂ ᠶᠡᠭᠡ ᠬᠤᠷᠠᠯ ᠤᠨ ᠠᠮᠤᠷ ᠲᠦᠪᠰᠢᠨ᠂ ᠲᠠᠬᠦᠰ ᠠᠮᠵᠢᠯᠳᠠ ᠲᠠᠢ᠂ ᠤᠷᠤᠭᠰᠢᠳᠠᠢ ᠬᠤᠷᠠᠯᠳᠤᠬᠤ ᠶᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃(ᠳ᠋ᠠᠢ ᠰᠢᠶᠦ᠋ᠩ)