ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ《ᠬᠤᠶᠠᠷ ᠬᠤᠷᠠᠯ》᠋ ᠤᠨ ᠵᠤᠷᠢᠭ ᠰᠠᠨᠠᠭ᠎ᠠ ᠵᠢᠴᠢ ᠦᠨᠳᠤᠰᠤᠳᠠᠨ ᠤ ᠠᠵᠢᠯ ᠢ ᠴᠢᠩᠭᠠᠳᠬᠠᠨ ᠰᠠᠢᠵᠢᠷᠠᠭᠤᠯᠬᠤ ᠠᠵᠢᠯ ᠤᠨ ᠲᠤᠰᠬᠠᠢ ᠰᠡᠳᠤᠪᠳᠤ ᠶᠠᠷᠢᠯᠴᠠᠬᠤ ᠬᠤᠷᠠᠯ ᠬᠤᠷᠠᠯᠳᠤᠭᠤᠯᠪᠠ

 

 


2 ᠰᠠᠷ᠎ᠠ ᠶᠢᠨ2᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ《ᠬᠤᠶᠠᠷ ᠬᠤᠷᠠᠯ》᠋ ᠤᠨ ᠵᠤᠷᠢᠭ ᠰᠠᠨᠠᠭ᠎ᠠ ᠵᠢᠴᠢ ᠦᠨᠳᠤᠰᠤᠳᠠᠨ ᠤ ᠠᠵᠢᠯ ᠢ ᠴᠢᠩᠭᠠᠳᠬᠠᠨ ᠰᠠᠢᠵᠢᠷᠠᠭᠤᠯᠬᠤ ᠠᠵᠢᠯ ᠤᠨ ᠲᠤᠰᠬᠠᠢ ᠰᠡᠳᠤᠪᠳᠤ ᠶᠠᠷᠢᠯᠴᠠᠬᠤ ᠬᠤᠷᠠᠯ ᠬᠤᠷᠠᠯᠳᠤᠭᠤᠯᠪᠠ᠃

        

   ᠬᠤᠷᠠᠯ ᠡᠴᠨ ᠱᠢ ᠲᠠᠢ ᠹᠸᠩ ᠱᠦᠵᠢ ᠶᠢᠨ ᠲᠦᠩᠯᠢᠶᠤᠤ ᠶᠢᠨ ᠲᠦᠯᠤᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠦᠶ᠎ᠠ ᠶᠢᠨ ᠶᠠᠷᠢᠶᠠᠨ ᠤ ᠵᠤᠷᠢᠭ ᠰᠠᠨᠠᠭ᠎ᠠ᠂ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠤᠨ ᠲᠠᠬᠦᠰᠬᠦ ᠶᠤᠰᠤᠯᠡᠯ ᠲᠠᠭᠡᠷᠡᠬᠢ ᠶᠠᠷᠢᠶᠠᠨ ᠤ ᠵᠤᠷᠢᠭ ᠰᠠᠨᠠᠭ᠎ᠠ᠂《ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢ ᠠᠬᠢᠭᠤᠯᠬᠤ ᠲᠦᠷᠢᠮ》᠋ ᠤᠨ ᠤᠷᠤᠨ ᠨᠤᠳᠤᠭ ᠤᠨ ᠬᠠᠤᠯᠢ ᠲᠤᠭᠳᠠᠭᠠᠭᠰᠨᠨ ᠪᠠᠢᠳᠠᠯ ᠵᠢᠴᠢ ᠭᠤᠤᠯ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠲᠤᠰ ᠤᠳᠠᠭᠠᠨ ᠤ ᠰᠤᠷᠤᠯᠴᠠᠯᠭ᠎ᠠ ᠲᠠᠢ ᠪᠠᠨ ᠤᠶᠠᠯᠳᠤᠭᠤᠯᠤᠨ᠂ ᠨᠠᠮ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠭᠡᠷᠬᠢᠨ ᠨᠠᠢᠳᠠᠪᠤᠷᠢᠵᠢᠭᠤᠯᠬᠤ ᠵᠢᠴᠢ ᠬᠤᠤᠰ ᠭᠡᠯᠨᠨ ᠤ ᠵᠢᠭᠠᠨ ᠰᠤᠷᠭᠠᠯᠳᠠ ᠶᠢᠨ ᠦᠭᠡᠷᠡᠴᠢᠯᠡᠯᠳᠠ ᠶᠢ ᠠᠬᠢᠭᠤᠯᠬᠤ ᠠᠵᠢᠯ ᠤᠨ ᠲᠤᠭᠤᠷᠢᠨ ᠳᠤ ᠨᠠᠷᠢᠨ ᠬᠢᠨᠠᠮᠠᠭᠠᠢ ᠰᠤᠳᠤᠯᠤᠨ ᠶᠠᠷᠢᠯᠴᠠᠵᠤ ᠰᠠᠨᠠᠯ ᠶᠢᠠᠨ ᠰᠤᠯᠢᠯᠴᠠᠵᠤ᠂ ᠬᠤᠢᠰᠢᠳᠠ ᠶᠢᠨ ᠴᠢᠷᠮᠠᠢᠬᠤ ᠴᠢᠭᠯᠡᠯ ᠶᠢᠠᠨ ᠤᠯᠠᠮ ᠨᠢᠭᠡ ᠠᠯᠬᠤᠮ ᠲᠤᠳᠤᠷᠬᠠᠢᠯᠠᠪᠠ᠃

        


        

      ᠬᠤᠷᠠᠯ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠤᠬᠦᠨ ᠭᠡᠰᠢᠬᠦᠨ ᠤᠯᠤᠰ ᠲᠦᠷᠤ ᠶᠢᠨ ᠵᠤᠭᠰᠤᠴᠨ ᠪᠠᠨ ᠦᠨᠡᠨᠬᠦ ᠲᠠᠭᠡᠭᠰᠢᠯᠡᠬᠦᠯᠵᠤ᠂ᠤᠨᠤᠯ ᠶᠢᠠᠷ ᠵᠡᠪᠰᠡᠭᠯᠡᠬᠦ ᠶᠢ ᠦᠷᠬᠦᠯᠵᠢᠯᠡᠨ ᠴᠢᠩᠭᠠᠳᠬᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠬᠦᠷᠭᠡ ᠴᠢᠳᠠᠪᠤᠷᠢ ᠶᠢᠨ ᠤᠢᠯᠡᠳᠤᠯ ᠢ ᠬᠦᠢᠴᠡᠳ ᠪᠠᠳᠠᠷᠠᠭᠤᠯᠬᠤ ᠭᠡᠷᠡᠭᠳᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠵᠢᠴᠢ ᠲᠠᠬᠦᠨ ᠤ ᠪᠠᠢᠩᠭᠤ ᠶᠢᠨ ᠬᠤᠷᠢᠶ᠎ᠠ ᠶᠢᠨ ᠡᠯ᠎ᠠ ᠲᠦᠷᠤᠯ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠨ ᠳᠤ ᠨᠠᠮ ᠤᠨ ᠦᠨᠳᠤᠰᠤᠳᠠᠨ ᠤ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠡᠷ᠂ ᠤᠨᠤᠪᠴᠢᠳᠠᠢ᠂ ᠬᠦᠨᠵᠡᠭᠡᠢ ᠨᠠᠢᠳᠠᠪᠤᠷᠢᠵᠢᠭᠤᠯᠤᠨ ᠭᠡᠷᠡᠭᠵᠢᠬᠦᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠦᠨᠳᠤᠰᠤᠳᠠᠨ ᠤ ᠠᠰᠠᠭᠤᠳᠠᠯ ᠢ ᠰᠢᠢᠳᠪᠤᠷᠢᠯᠡᠬᠦ᠂ ᠦᠨᠳᠤᠰᠤᠳᠠᠨ ᠤ ᠠᠵᠢᠯ ᠢ ᠰᠠᠢᠳᠤᠷ ᠬᠢᠬᠦ ᠳᠤ ᠦᠵᠡᠬᠦᠯᠬᠦ ᠴᠢᠬᠤᠯᠨ ᠡᠬᠦᠷᠭᠡ ᠴᠢᠳᠠᠪᠤᠷᠢ ᠶᠢᠨ ᠤᠢᠯᠡᠳᠤᠯ ᠢ ᠨᠡᠩ ᠬᠦᠢᠴᠡᠳ ᠪᠦᠭᠡᠳ ᠪᠦᠳᠤᠮᠵᠢᠳᠠᠢ ᠪᠠᠳᠠᠷᠠᠭᠤᠯᠬᠤ ᠭᠡᠷᠡᠭᠳᠡᠢ᠃ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤ ᠴᠤᠭᠴᠠᠯᠠᠬᠤ ᠳᠤ ᠦᠵᠡᠬᠦᠯᠬᠦ ᠬᠠᠤᠯᠢ ᠴᠠᠭᠠᠵᠨ ᠬᠠᠤᠯᠢ ᠲᠤᠭᠳᠠᠭᠠᠯ ᠤᠨ ᠵᠢᠷᠤᠮᠵᠢᠯ ᠪᠠ ᠪᠠᠳᠤᠯᠠᠭ᠎ᠠ ᠶᠢᠨ ᠤᠢᠯᠡᠳᠤᠯ ᠢ ᠴᠢᠬᠤᠯᠠᠴᠢᠯᠠᠨ ᠪᠠᠳᠠᠷᠠᠭᠤᠯᠵᠤ᠂ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶᠢ ᠯᠠᠪᠳᠠᠭᠤᠨ ᠪᠠᠳᠤᠳᠠᠢ ᠰᠠᠢᠳᠤᠷ ᠠᠳᠬᠤᠬᠤ ᠭᠡᠷᠡᠭᠳᠡᠢ᠃ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶᠢ ᠴᠢᠬᠤᠯᠨ ᠤᠯᠤᠰ ᠲᠦᠷᠤ ᠶᠢᠨ ᠡᠬᠦᠷᠭᠡ ᠪᠤᠯᠭᠠᠵᠤ᠂ ᠢᠯᠡᠷᠡᠬᠦᠯᠦᠭᠰᠨᠨ ᠠᠰᠠᠭᠤᠳᠠᠯ ᠳᠤ ᠴᠢᠭᠯᠡᠬᠦᠯᠤᠨ᠂ ᠴᠡᠭᠴᠡᠯᠡᠨ ᠰᠠᠢᠵᠢᠷᠠᠭᠤᠯᠬᠤ ᠲᠦᠰᠤᠯ ᠪᠠ ᠲᠠᠩᠰᠨ ᠶᠢ ᠨᠠᠷᠢᠯᠢᠭ ᠰᠤᠳᠤᠯᠤᠨ ᠲᠤᠭᠳᠠᠭᠠᠵᠤ᠂ ᠴᠡᠭᠴᠡᠯᠡᠨ ᠰᠠᠢᠵᠢᠷᠠᠭᠤᠯᠬᠤ ᠴᠠᠭ ᠬᠤᠭᠤᠴᠠᠭ᠎ᠠ ᠪᠠ ᠱᠠᠭᠠᠷᠳᠠᠯᠭ᠎ᠠ ᠶᠢ ᠲᠤᠳᠤᠷᠬᠠᠢᠯᠠᠬᠤ ᠶᠢᠨ ᠬᠠᠮᠳᠤ᠂ ᠵᠤᠷᠪᠤᠰ ᠲᠠᠷᠠᠭᠠᠯᠠᠨ ᠴᠡᠭᠴᠡᠯᠡᠨ ᠰᠠᠢᠵᠢᠷᠠᠭᠤᠯᠬᠤ᠂ ᠨᠠᠢᠳᠠᠪᠤᠷᠢᠵᠢᠭᠤᠯᠬᠤ ᠶᠢ ᠪᠤᠳᠠᠳᠠᠢ ᠠᠳᠬᠤᠵᠤ᠂ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠠ ᠪᠦᠳᠤᠮᠵᠢ ᠶᠢ ᠦᠨᠡᠨᠬᠦ ᠬᠤᠪᠢᠷᠠᠭᠤᠯᠬᠤ ᠪᠠ ᠢᠯᠡᠷᠡᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃(ᠳ᠋ᠠᠢ ᠰᠢᠶᠦ᠋ᠩ)

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠪᠠᠢᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢ᠍ᠯ ᠤᠨ ᠲᠠᠢ᠌ᠴᠢ᠍ᠯᠠᠯᠳ᠋ᠠ ᠶᠢᠨ ᠬᠤᠷᠠᠯ ᠬᠤᠷᠠᠯᠳ᠋ᠤᠭᠤᠯᠪᠠ