ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠺᠠᠳ᠋ᠷ ᠠᠵᠢᠯᠳᠠᠨ ᠤ ᠬᠤᠷᠠᠯ ᠬᠤᠷᠠᠯᠳᠤᠭᠤᠯᠪᠠ


2 ᠰᠠᠷ᠎ᠠ ᠶᠢᠨ8᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠺᠠᠳ᠋ᠷ ᠠᠵᠢᠯᠳᠠᠨ ᠤ ᠬᠤᠷᠠᠯ ᠬᠤᠷᠠᠯᠳᠤᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠤ ᠡᠯ᠎ᠠ ᠵᠤᠢᠯ ᠤᠨ ᠠᠵᠢᠯ ᠢ ᠲᠤᠬᠢᠷᠠᠭᠤᠯᠤᠨ ᠪᠠᠢᠷᠢᠯᠠᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠵᠤ᠂ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃

ᠯᠢ ᠴᠸᠩ ᠬᠦᠸᠸ ᠡᠴᠨ᠂ ᠵᠢᠵᠢᠬᠦᠷ ᠤᠨ ᠠᠵᠢᠯ ᠤᠨ ᠰᠠᠬᠢᠯᠭ᠎ᠠ ᠪᠠᠳᠤ ᠶᠢ ᠴᠢᠩᠳᠠᠯᠠᠬᠤ ᠭᠡᠷᠡᠭᠳᠡᠢ᠃ ᠬᠢᠵᠢᠭ᠌ ᠤᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ ᠢ ᠰᠠᠢᠳᠤᠷ ᠬᠢᠬᠦ ᠭᠡᠷᠡᠭᠳᠡᠢ᠃ ᠢᠷᠡᠬᠦ ᠵᠢᠯ ᠤᠨ ᠠᠵᠢᠯ ᠶᠢᠠᠨ ᠡᠷᠳᠡᠭᠡᠨ ᠰᠠᠢᠳᠤᠷ ᠲᠦᠯᠤᠪᠯᠡᠬᠦ ᠭᠡᠷᠡᠭᠳᠡᠢ ᠭᠡᠵᠤ ᠴᠢᠬᠤᠯᠠᠴᠢᠯᠠᠪᠠ᠃

ᠬᠠᠮᠤᠭ ᠡᠴᠤᠰ ᠲᠤ᠂ ᠯᠢ ᠴᠸᠩ ᠬᠦᠸᠸ ᠬᠤᠷᠠᠯ ᠳᠤ ᠤᠷᠤᠯᠴᠠᠭᠰᠠᠳ ᠲᠤ ᠴᠠᠭᠠᠨ ᠰᠠᠷ᠎ᠠ ᠶᠢᠨ ᠵᠦᠩᠨᠡᠯ ᠲᠠᠪᠰᠢᠬᠦᠯᠵᠤ᠂ ᠤᠯᠨᠨ ᠶᠢᠠᠷ ᠶᠢᠠᠨ ᠪᠠᠶᠠᠷ ᠬᠦᠷ ᠲᠠᠢ᠂ ᠦᠯᠵᠡᠢ ᠪᠡᠯᠭᠡ ᠲᠠᠢ᠂ ᠵᠤᠯ ᠵᠢᠷᠭᠠᠯ ᠲᠠᠢ ᠰᠢᠨᠡᠯᠡᠬᠦ ᠶᠢ ᠵᠦᠩᠨᠡᠪᠡ᠃(ᠳ᠋ᠠᠢ ᠰᠢᠶᠦ᠋ᠩ)