ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠣᠰᠢᠭᠤᠨ ᠤ ᠠᠷᠪᠠᠨ ᠵᠢᠷᠭᠤᠳᠤᠭᠠᠷ᠁
ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ


        

       2 ᠰᠠᠷ᠎ᠠ ᠶᠢᠨ 8᠋ ᠤ ᠡᠳᠦᠷ᠂ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ᠃ ᠬᠣᠰᠢᠭᠤᠨ ᠤ ᠠᠷᠠᠳ ᠤᠨ ᠲᠥᠯᠥᠭᠡᠯᠡᠭᠴᠢᠳ  ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ ᠦᠷᠡᠪᠠᠳᠤ᠂ ᠰᠦᠩ ᠯᠢᠶᠠᠨ ᠾᠦᠢ ᠬᠤᠷᠠᠯ ᠳᠤ ᠤᠷᠤᠯᠴᠠᠵᠤ᠂ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠶᠠᠩ ᠭᠧ ᠬᠤᠸᠨ᠂ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠤ ᠪᠠᠢᠴᠠᠭᠠᠬᠤ ᠲᠠᠷᠤᠭ᠎ᠠ ᠳ᠋ᠸᠩ ᠭᠤᠸᠠᠩ ᠹᠸᠩ᠂ ᠬᠤᠰᠢᠭᠤᠨ ᠤ ᠰᠠᠬᠢᠯᠭ᠎ᠠ ᠪᠠᠳᠤ ᠬᠢᠨᠠᠨ ᠪᠠᠢᠴᠠᠭᠠᠬᠤ ᠵᠦᠪᠯᠡᠯ ᠤᠨ ᠬᠠᠷᠢᠭᠤᠴᠠᠯᠭᠠᠳᠠᠨ ᠬᠤᠷᠠᠯ ᠳᠤ ᠰᠤᠯᠨ ᠤᠷᠤᠯᠴᠠᠪᠠ᠃ ᠡᠤ ᠰᠢᠶᠤᠤ ᠬᠤᠷᠠᠯ ᠡᠷᠬᠢᠯᠡᠪᠡ᠃

        
             ᠲᠤᠰ ᠤᠳᠠᠭᠠᠨ ᠤ ᠬᠤᠷᠠᠯᠳᠤᠭᠠᠨ ᠳᠤ ᠤᠷᠤᠯᠴᠠᠬᠤ ᠪᠠᠢᠩᠭᠤ ᠶᠢᠨ ᠬᠣᠷᠢᠶᠠᠨ ᠤ ᠭᠡᠰᠢᠭᠦᠨ 28 ᠬᠥᠮᠦᠨ᠂ ᠪᠣᠳᠠᠲᠠᠶ ᠤᠷᠤᠯᠴᠠᠭᠰᠠᠠ ᠨᠢ 25 ᠬᠥᠮᠦᠨ ᠪᠠᠢᠵᠤ᠂ ᠬᠠᠤᠯᠢ ᠳᠤ ᠲᠣᠭᠲᠠᠭᠠᠭᠰᠠᠨ ᠬᠥᠮᠦᠨ ᠦ ᠲᠣᠭ᠎ᠠ ᠳᠤ ᠨᠡᠢᠴᠡᠨ᠎ᠡ᠃

        
             ᠬᠤᠷᠠᠯ ᠶᠢᠠᠷ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠬᠤ ᠪᠠᠭᠤᠯᠭᠠᠬᠤ ᠵᠤᠢᠯᠡᠰ ᠢ ᠪᠠᠳᠤᠯᠠᠵᠤ᠂ ᠶᠠᠩ ᠭᠧ ᠬᠤᠸᠨ᠂ ᠳ᠋ᠸᠩ ᠭᠤᠸᠠᠩ ᠹᠸᠩ ᠡᠴᠨ ᠲᠤᠰᠪᠤᠷᠢ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ《ᠮᠸᠩ ᠹᠠᠨ ᠰᠢᠶᠠ ᠵᠡᠷᠭᠡ ᠨᠦᠬᠦᠷ ᠤᠨ ᠰᠢᠬᠦᠨ ᠲᠠᠰᠤᠯᠬᠤ ᠲᠤᠰᠢᠶᠠᠯ ᠳᠤ ᠲᠤᠮᠢᠯᠠᠬᠤ ᠭᠤᠶᠤᠴᠢᠯᠠᠯ》᠂ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠤ《 ᠬᠠᠤᠯᠢ ᠴᠠᠭᠠᠵᠨ ᠶᠢᠨ ᠲᠤᠰᠢᠶᠠᠯ ᠳᠤ ᠲᠤᠮᠢᠯᠠᠬᠤ ᠪᠠᠭᠤᠯᠭᠠᠬᠤ ᠭᠤᠶᠤᠴᠢᠯᠠᠯ》᠋ ᠢ ᠤᠩᠰᠢᠨ ᠨᠡᠪᠳᠡᠷᠭᠡᠬᠦ ᠶᠢᠨ ᠬᠠᠮᠳᠤ᠂ ᠲᠤᠰᠢᠶᠠᠯ ᠳᠤ ᠲᠤᠮᠢᠯᠠᠬᠤ ᠪᠡᠷ ᠪᠠᠢᠭ᠎ᠠ ᠺᠠᠳ᠋ᠷ ᠤᠨ ᠲᠤᠪᠴᠢ ᠨᠠᠮᠳᠠᠷ ᠢ ᠲᠠᠨᠢᠯᠴᠠᠭᠤᠯᠪᠠ᠃

       ᠬᠤᠷᠠᠯ ᠲᠠᠭᠡᠷ᠎ᠠ ᠭᠠᠷ ᠡᠷᠬᠦᠨ ᠪᠠᠳᠤᠯᠠᠬᠤ ᠪᠡᠷ ᠲᠠᠮᠵᠢᠨ᠂ ᠰᠢᠶᠠᠩ ᠰᠢᠤ ᠬᠤᠸᠠ᠂ ᠭᠤᠤ ᠰᠢᠶᠤᠤ ᠹᠸᠢ ᠶᠢᠨ ᠬᠠᠷᠢᠭᠤᠴᠠᠭᠰᠨᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠠᠳ᠋ ᠬᠤᠷᠢᠶᠠᠨ ᠲᠠᠷᠤᠭ᠎ᠠ᠂ ᠰᠢᠬᠦᠨ ᠲᠠᠰᠤᠯᠬᠤ ᠵᠦᠪᠯᠡᠯ ᠤᠨ ᠭᠡᠰᠢᠬᠦᠨ᠂ ᠰᠢᠬᠦᠭᠴᠢ ᠶᠢᠨ ᠲᠤᠰᠢᠶᠠᠯ᠂ ᠹᠸᠩ ᠹᠦ᠋ ᠯᠢᠨ ᠤ ᠬᠠᠷᠢᠭᠤᠴᠠᠭᠰᠨᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠠᠳ᠋ ᠬᠤᠷᠢᠶᠠᠨ ᠲᠠᠷᠤᠭ᠎ᠠ ᠶᠢᠨ ᠲᠤᠰᠢᠶᠠᠯ᠂ ᠬᠤᠤᠰᠪᠠᠶᠠᠷ᠂ ᠵᠠᠩ ᡁᠢ ᠰᠢᠤᠸᠠᠢ ᠶᠢᠨ ᠬᠠᠷᠢᠭᠤᠴᠠᠭᠰᠨᠨ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠤ ᠲᠠᠳ᠋ ᠪᠠᠢᠴᠠᠭᠠᠬᠤ ᠲᠠᠷᠤᠭ᠎ᠠ ᠶᠢᠨ ᠲᠤᠰᠢᠶᠠᠯ᠂ ᠭᠤᠤ ᠬᠤᠩ ᠬᠤ ᠶᠢᠨ ᠬᠠᠷᠢᠭᠤᠴᠠᠭᠰᠨᠨ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠤ ᠲᠠᠳ᠋ ᠪᠠᠢᠴᠠᠭᠠᠬᠤ ᠲᠠᠷᠤᠭ᠎ᠠ᠂ ᠪᠠᠢᠴᠠᠭᠠᠬᠤ ᠵᠦᠪᠯᠡᠯ ᠤᠨ ᠭᠡᠰᠢᠬᠦᠨ ᠤ ᠲᠤᠰᠢᠶᠠᠯ ᠡᠴᠨ ᠪᠠᠭᠤᠯᠭᠠᠪᠠ᠃

        
             ᠬᠤᠷᠠᠯ ᠲᠠᠭᠡᠷ᠎ᠠ᠂ ᠲᠤᠰᠢᠶᠠᠯ ᠳᠤ ᠲᠤᠮᠢᠯᠠᠬᠤ ᠵᠢᠱᠢᠭᠳᠡᠭᠴᠢ ᠡᠴᠨ ᠲᠤᠰᠢᠶᠠᠯ ᠡᠬᠦᠷᠭᠡᠯᠡᠬᠦ ᠶᠠᠷᠢᠶ᠎ᠠ ᠬᠢᠪᠡ᠃ ᠬᠤᠷᠠᠯ ᠡᠴᠨ ᠪᠢᠯᠸᠲ ᠦᠭᠴᠤ ᠰᠤᠩᠭᠤᠬᠤ ᠪᠡᠷ ᠲᠠᠮᠵᠢᠨ᠂ ᠮᠸᠩ ᠹᠠᠨ ᠰᠢᠶᠠ ᠨᠦᠬᠦᠷ ᠢ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠠᠳ᠋ ᠬᠤᠷᠢᠶᠠᠨ ᠲᠠᠷᠤᠭ᠎ᠠ᠂ ᠰᠢᠬᠦᠨ ᠲᠠᠰᠤᠯᠬᠤ ᠵᠦᠪᠯᠡᠯ ᠤᠨ ᠭᠡᠰᠢᠬᠦᠨ᠂ ᠰᠢᠬᠦᠭᠴᠢ ᠪᠡᠷ ᠲᠤᠮᠢᠯᠠᠵᠤ᠂ ᠰᠢᠶᠠᠩ ᠰᠢᠤ ᠬᠤᠸᠨ ᠨᠦᠬᠦᠷ ᠢ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶᠠᠨ ᠤ ᠲᠠᠳ᠋ ᠪᠠᠢᠴᠠᠭᠠᠬᠤ ᠲᠠᠷᠤᠭ᠎ᠠ᠂ ᠪᠠᠢᠴᠠᠭᠠᠬᠤ ᠵᠦᠪᠯᠡᠯ ᠤᠨ ᠭᠡᠰᠢᠬᠦᠨ᠂ ᠪᠠᠢᠴᠠᠭᠠᠭᠴᠢ ᠪᠡᠷ ᠲᠤᠮᠢᠯᠠᠪᠠ᠃ ᠡᠤ ᠰᠢᠶᠤᠤ ᠡᠴᠨ ᠰᠢᠨ᠎ᠡ ᠲᠤᠰᠢᠶᠠᠯ ᠳᠤ ᠲᠤᠮᠢᠯᠠᠭᠳᠠᠭᠰᠠᠳ ᠲᠤ ᠲᠤᠮᠢᠯᠠᠯ ᠤᠨ ᠪᠢᠴᠢᠭ᠌ ᠭᠠᠷᠳᠠᠭᠤᠯᠵᠤ᠂ ᠰᠢᠨ᠎ᠡ ᠲᠤᠰᠢᠶᠠᠯ ᠡᠬᠦᠷᠭᠡᠯᠡᠭᠰᠡᠳ

        
             ᠡᠤ ᠰᠢᠶᠤᠤ ᠡᠴᠨ᠂ ᠰᠢᠨ᠎ᠡ ᠲᠤᠰᠢᠶᠠᠯ ᠳᠤ ᠲᠤᠮᠢᠯᠠᠭᠳᠠᠭᠰᠠᠳ ᠰᠤᠷᠤᠯᠴᠠᠯᠭ᠎ᠠ ᠪᠠᠨ ᠴᠢᠩᠭᠠᠳᠬᠠᠨ᠂ ᠲᠦᠷᠭᠡᠭᠡᠨ ᠰᠢᠨ᠎ᠡ ᠤᠷᠴᠢᠨ ᠲᠤᠭᠤᠷᠢᠨ᠂ ᠰᠢᠨ᠎ᠡ ᠡᠬᠦᠷᠭᠡ᠂ ᠰᠢᠨ᠎ᠡ ᠱᠠᠭᠠᠷᠳᠠᠯᠭ᠎ᠠ ᠳᠤ ᠲᠦᠷᠭᠡᠨ ᠲᠠᠳᠬᠤ ᠭᠡᠷᠡᠭᠳᠡᠢ᠃ ᠦᠪᠡᠷ ᠤᠨ ᠲᠠᠪᠠᠭᠤᠯᠢᠭ ᠶᠢᠠᠨ ᠪᠠᠳᠠᠷᠠᠭᠤᠯᠵᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠵᠤ᠂ ᠴᠠᠭ ᠢᠮᠠᠭᠳᠠ ᠠᠷᠠᠳ ᠲᠦᠮᠡᠨ ᠶᠢᠠᠷ ᠭᠤᠤᠯ ᠪᠤᠯᠭᠠᠵᠤ᠂ ᠶᠡᠭᠡ ᠲᠠᠯ᠎ᠠ ᠶᠢ ᠴᠢᠬᠤᠯᠠᠴᠢᠯᠠᠬᠤ ᠭᠡᠷᠡᠭᠳᠡᠢ᠃ ᠴᠢᠩᠭ᠎ᠠ ᠨᠢᠮᠪᠠᠢ ᠰᠢᠨᠵᠢᠯᠡᠬᠦ ᠤᠬᠠᠭᠠᠨᠴᠢ ᠤᠪᠤᠷ ᠶᠢᠠᠷ ᠠᠵᠢᠯ ᠶᠢᠠᠨ ᠯᠠᠪᠳᠠᠭᠤᠨ ᠪᠠᠳᠤᠳᠠᠢ ᠰᠠᠢᠳᠤᠷ ᠠᠳᠬᠤᠬᠤ ᠭᠡᠷᠡᠭᠳᠡᠢ᠃ ᠠᠷᠢᠭᠤᠨ ᠴᠢᠬᠡᠴᠢ ᠪᠡᠷ ᠪᠠᠶ᠎ᠠ ᠪᠠᠨ ᠪᠠᠷᠢᠬᠤ ᠶᠢ ᠵᠠᠰᠠᠭ ᠶᠠᠪᠤᠭᠤᠯᠬᠤ ᠬᠤᠷᠢᠭ᠎ᠠ ᠱᠤᠭᠤᠮ ᠪᠤᠯᠭᠠᠨ᠂ ᠬᠤᠪᠢ ᠪᠠᠶ᠎ᠠ ᠶᠢᠨ ᠪᠤᠯᠪᠠᠰᠤᠷᠠᠯ ᠶᠢᠠᠨ ᠲᠠᠰᠤᠷᠠᠯᠳᠠ ᠦᠭᠡᠢ ᠲᠠᠭᠡᠭᠰᠢᠯᠡᠬᠦᠯᠬᠦ ᠭᠡᠷᠡᠭᠳᠡᠢ ᠭᠡᠵᠤ ᠵᠢᠭᠠᠵᠤ ᠭᠠᠷᠭᠠᠪᠠ᠃

        
                


         

        ᠬᠤᠷᠠᠯ ᠡᠴᠨ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠲᠦᠩᠯᠶᠤᠤ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢ ᠨᠦᠬᠦᠵᠤ ᠰᠤᠩᠭᠤᠬᠤ ᠠᠷᠭ᠎ᠠ(ᠲᠦᠰᠤᠯ) ᠶᠢ ᠬᠢᠨᠠᠨ ᠵᠦᠪᠯᠡᠵᠤ ᠪᠠᠳᠤᠯᠠᠪᠠ᠃ ᠸᠠᠩ ᠯᠢ ᠡᠾᠸᠩ᠂ ᠴᠸᠨ ᠱᠤ ᠯᠢᠶᠠᠩ ᠤᠨ ᠲᠦᠩᠯᠢᠶᠤᠤ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠲᠤᠰᠢᠶᠠᠯ ᠡᠴᠨ ᠪᠠᠭᠤᠬᠤ ᠶᠢ ᠬᠦᠯᠢᠶᠠᠨ ᠠᠪᠴᠤ ᠵᠦᠪᠰᠢᠶᠡᠷᠡᠪᠡ᠃ ᠪᠢᠯᠸᠲ ᠦᠭᠴᠤ ᠰᠤᠩᠭᠤᠬᠤ ᠪᠡᠷ ᠲᠠᠮᠵᠢᠨ᠂ ᠮᠨ ᠡᠾᠦ᠋ᠢ ᠵᠢᠢ᠂ ᠱᠢ ᠡᠾᠸᠤ ᠴᠦᠨ᠂ ᠡᠤ ᠴᠢᠩ ᠬᠠᠢ᠂ ᠱᠢ ᠶᠠᠨ ᠴᠦᠨ ᠢ ᠲᠦᠩᠯᠢᠶᠤᠤ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠪᠡᠷ ᠰᠤᠩᠭᠤᠪᠠ᠃(ᠳ᠋ᠠᠢ ᠰᠢᠶᠦ᠋ᠩ)


ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠪᠦᠬᠦ ᠺᠠᠳ᠋ᠷ ᠠᠵᠢᠯᠳᠠᠨ ᠤ ᠬᠤᠷᠠᠯ ᠬᠤᠷᠠᠯᠳᠤᠭᠤᠯᠪᠠ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠤᠭᠡᠯᠡᠭ᠍ᠴᠢ᠍ᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ 2021 ᠤᠨ ᠤ ᠰᠢ᠍ᠨ᠎ᠠ ᠵᠢᠯ ᠤᠨ ᠪᠠᠶᠠᠷ ᠤᠨ ᠦᠭᠡ