

2 ᠰᠠᠷ᠎ᠠ ᠶᠢᠨ 26᠋᠋ ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠢᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ ᠡᠦ ᠴᠢ᠍ᠩ ᠬᠠᠢ ᠪᠠᠶᠠᠷᠳ᠋ᠤᠬᠤᠰᠢ᠍ᠭᠤ ᠰᠤᠷᠭᠠᠭᠤᠯᠢ ᠪᠠ ᠬᠡᠦᠬᠡᠳ ᠤᠨ ᠴᠡᠴᠡᠷᠯᠢ᠍ᠭ᠌ ᠲᠤ ᠬᠦᠷᠴᠦ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠶᠢᠨ ᠴᠤᠭᠴᠨ ᠶᠢᠨ ᠦᠵᠡᠯ ᠤᠬᠠᠮᠰᠡᠷ᠋ ᠢ ᠪᠠᠳ᠋ᠦ ᠴᠤᠭᠴᠠᠯᠠᠬᠤ᠂ ᠭᠤᠷᠪᠠᠨ ᠲᠦ᠋ᠷᠦᠯ ᠤᠨ ᠨᠢᠭᠡᠳᠤᠯᠳᠠᠢ ᠨᠠᠢᠷᠠᠭᠤᠯᠤᠭᠰᠨᠨ ᠵᠢᠭᠠᠬᠤ ᠮᠠᠲ᠋ᠸᠷᠢ᠍ᠶᠠᠯ ᠤᠨ ᠬᠡᠷᠡᠭ᠍ᠵᠢ᠍ᠭᠦᠯᠦᠯᠳ᠋ᠡ ᠶᠢ ᠲᠦ᠋ᠯᠬᠢᠨ ᠠᠬᠢᠭᠤᠯᠬᠤ ᠵᠢᠴᠢ ᠤᠯᠤᠰ ᠤᠨ ᠨᠡᠢᠳᠠᠮ ᠬᠡᠷᠡᠭᠯᠡᠬᠦ ᠦᠭᠡ ᠬᠡᠯᠡ ᠦᠰᠦᠭ᠌ ᠪᠢᠴᠢ᠍ᠭ᠌ ᠤᠨ ᠵᠢᠭᠠᠨ ᠰᠤᠷᠭᠠᠯᠳ᠋ᠠ ᠶᠢ ᠪᠦᠬᠦ ᠲᠠᠯ᠎ᠠ ᠪᠠᠷ ᠴᠢ᠍ᠩᠭ᠋ᠠᠳᠬᠠᠬᠤ᠂ ᠰᠤᠷᠭᠠᠭᠤᠯᠢ ᠶᠢᠨ ᠬᠢᠵᠢ᠍ᠭ᠌ ᠤᠨ ᠪᠠᠢᠳᠠᠯ ᠢ ᠰᠡᠷᠭᠡᠢ᠌ᠯᠡᠬᠦ᠂ ᠢᠳ᠋ᠡᠭᠡᠨ ᠤᠮᠳ᠋ᠠᠭᠠᠨ ᠪᠠ ᠪᠠᠢ᠌ᠷᠢ ᠶᠢᠨ ᠰᠤᠷᠤᠭᠴᠢ ᠶᠢᠨ ᠡᠷᠡᠭᠦᠯ ᠴᠢ᠍ᠬᠢᠷᠠᠭ ᠠᠮᠤᠷ ᠲᠦ᠋ᠪᠰᠢ᠍ᠨ ᠵᠡᠷᠭᠡ ᠭᠤᠤᠯᠳ᠋ᠠᠯᠭ᠎ᠠ ᠲᠡᠶ ᠠᠵᠢ᠍ᠯ ᠢ ᠪᠠᠢ᠌ᠴᠠᠭᠠᠨ ᠵᠢᠯᠤᠭᠤᠳᠪᠠ᠃


ᠡᠦ ᠴᠢ᠍ᠩ ᠬᠠᠢ ᠰᠤᠷᠭᠠᠭᠤᠯᠢ ᠶᠢᠨ ᠤᠷᠴᠢ᠍ᠨ ᠲᠤᠭᠤᠷᠢ᠍ᠨ ᠢ ᠨᠠᠷᠢ᠍ᠨ ᠬᠢᠨᠠᠮᠠᠭᠠᠢ ᠪᠠᠢ᠌ᠴᠠᠭᠠᠵᠤ᠂ ᠰᠤᠷᠭᠠᠭᠤᠯᠢ ᠡᠬᠢᠯᠡᠬᠦ ᠡᠴᠡ ᠡᠮᠦᠨᠡᠬᠢ ᠡᠯ᠎ᠠ ᠲᠦ᠋ᠷᠦᠯ ᠤᠨ ᠪᠡᠯᠡᠳᠭᠡᠯ ᠠᠵᠢ᠍ᠯ ᠢ ᠰᠠᠢ᠌ᠳ᠋ᠤᠷ ᠤᠢᠯᠠᠭᠠᠨ᠂ ᠪᠠᠶᠠᠷᠳ᠋ᠤᠬᠤᠰᠢ᠍ᠭᠤ ᠪᠠᠯᠭᠠᠰᠤᠨ ᠤ ᠨᠠᠮ ᠤᠨ ᠬᠤᠷᠢ᠍ᠶ᠎ᠠ ᠵᠠᠰᠠᠭ ᠤᠨ ᠤᠷᠳ᠋ᠤᠨ᠂ ᠰᠤᠷᠭᠠᠭᠤᠯᠢ ᠶᠢᠨ ᠭᠤᠤᠯ ᠬᠠᠷᠢ᠍ᠭᠤᠴᠠᠯᠭᠠᠳ᠋ᠠᠳ ᠲᠡᠶ ᠰᠠᠭᠤᠳ᠋ᠠᠯ ᠤᠨ ᠬᠤᠷᠠᠯ ᠬᠤᠷᠠᠯᠳᠤᠭᠤᠯᠪᠠ᠃

ᠡᠦ ᠴᠢ᠍ᠩ ᠬᠠᠢ ᠱᠠᠭᠠᠷᠳ᠋ᠠᠭᠰᠨ ᠨᠢ᠂ ᠪᠠᠶᠠᠷᠳ᠋ᠤᠬᠤᠰᠢ᠍ᠭᠤ ᠪᠠᠯᠭᠠᠰᠤᠨ ᠤ ᠨᠠᠮ ᠤᠨ ᠬᠤᠷᠢ᠍ᠶ᠎ᠠ ᠵᠠᠰᠠᠭ ᠤᠨ ᠤᠷᠳ᠋ᠤᠨ ᠪᠠ ᠰᠤᠷᠭᠠᠭᠤᠯᠢ ᠦᠵᠡᠯ ᠰᠠᠨᠠᠭ᠎ᠠ ᠪᠠᠨ ᠨᠢ᠍ᠭᠡᠳᠭᠡᠨ᠂ ᠲᠠᠨᠢᠯᠳ᠋ᠠ ᠪᠠᠨ ᠲᠡᠭᠡᠭ᠍ᠰᠢ᠍ᠯᠡᠭᠦᠯᠵᠤ᠂ ᠤᠯᠠᠮ ᠨᠢ᠍ᠭᠡ ᠠᠯᠬᠤᠮ ᠬᠠᠷᠢ᠍ᠭᠤᠴᠠᠯᠭ᠎ᠠ ᠪᠠᠨ ᠪᠠᠳᠤᠵᠢᠭᠤᠯᠤᠨ᠂ ᠬᠤᠯᠪᠤᠭᠠᠯᠠᠨ ᠲᠠᠢ᠌ᠴᠢ᠍ᠯᠠᠬᠤ ᠲᠤᠭᠳ᠋ᠠᠴᠠ ᠶᠢ ᠪᠦᠳ᠋ᠦᠭᠡᠨ ᠪᠠᠢ᠌ᠭᠤᠯᠵᠤ᠂ ᠠᠵᠢ᠍ᠯ ᠤᠨ ᠬᠠᠮᠳᠤᠷᠠᠯ ᠢ ᠪᠤᠢ ᠪᠤᠯᠭᠠᠬᠤ ᠭᠡᠷᠡᠭᠳᠡᠢ ᠭᠡᠵᠡᠢ᠃

ᠡᠦ ᠴᠢ᠍ᠩ ᠬᠠᠢ ᠪᠠᠰᠠ ᠰᠤᠷᠭᠠᠭᠤᠯᠢ ᠡᠬᠢᠯᠡᠬᠦ ᠡᠴᠡ ᠡᠮᠦᠨ᠎ᠠ ᠬᠤᠢ᠌ᠨᠠᠬᠢ ᠪᠠᠭᠰᠢ ᠰᠤᠷᠤᠭᠴᠢ ᠶᠢᠨ ᠬᠢᠵᠢ᠍ᠭ᠌ ᠤᠨ ᠪᠠᠢ᠌ᠳ᠋ᠠᠯ ᠢ ᠰᠡᠷᠭᠡᠢ᠌ᠯᠡᠬᠦ᠂ ᠰᠤᠷᠭᠠᠭᠤᠯᠢ ᠶᠢᠨ ᠤᠷᠴᠢ᠍ᠨ ᠲᠤᠭᠤᠷᠢ᠍ᠨ ᠤ ᠡᠷᠡᠭᠦᠯ ᠬᠠᠮᠠᠭᠠᠯᠠᠯ ᠤᠨ ᠵᠠᠰᠠᠯᠳ᠋ᠠ᠂ ᠢᠳ᠋ᠡᠭᠡᠨ ᠤ ᠠᠮᠤᠷ ᠲᠦ᠋ᠪᠰᠢ᠍ᠨ ᠵᠡᠷᠭᠡ ᠠᠵᠢ᠍ᠯ ᠳᠤ ᠪᠤᠳ᠋ᠠᠳ᠋ᠠᠢ ᠰᠠᠨᠠᠯ ᠱᠠᠭᠠᠷᠳ᠋ᠠᠯᠭ᠎ᠠ ᠲᠤᠷᠠᠳ᠋ᠤᠭᠰᠠᠨ ᠪᠠᠢ᠌ᠨ᠎ᠠ᠃(ᠯᠸᠢ ᠫᠠᠩ)