ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢ᠍ᠭᠤᠨ ᠦ ᠠᠷᠪᠠᠨ ᠵᠢᠷᠭᠤᠳ᠋ᠤᠭᠠᠷ ᠬᠤᠭᠤᠴᠠᠭᠠᠨ ᠤ᠁
ᠬᠤᠰᠢ᠍ᠭᠤᠨ ᠦ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠬᠤᠷᠢ᠍ᠨ ᠲᠦ᠋ᠷᠪᠡᠳ᠋ᠦᠭᠡᠷ ᠬᠤᠷᠠᠯ ᠬᠤᠷᠠᠯᠳ᠋ᠤᠭᠤᠯᠪᠠ


        


        

        3 ᠰᠠᠷ᠎ᠠ ᠶᠢᠨ4᠋ ᠤ ᠡᠳ᠋ᠦᠷ᠂ ᠬᠤᠰᠢ᠍ᠭᠤᠨ ᠦ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠬᠤᠷᠢ᠍ᠨ ᠲᠦ᠋ᠷᠪᠡᠳ᠋ᠦᠭᠡᠷ ᠬᠤᠷᠠᠯ ᠬᠤᠷᠠᠯᠳ᠋ᠤᠭᠤᠯᠪᠠ᠃ ᠬᠤᠰᠢ᠍ᠭᠤᠨ ᠦ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠲᠡᠳ᠋ ᠡᠷᠬᠢᠯᠡᠭ᠍ᠴᠢ ᠡᠦ ᠰᠢ᠍ᠶᠤᠤ᠂ ᠪᠦ᠋ ᠮᠤᠤ ᠰᠢ᠍ᠶᠠᠩ᠂ ᠦᠷᠡᠪᠠᠳ᠋ᠦ᠂ ᠰᠦ᠋ᠩ ᠯᠢ᠍ᠶᠠᠨ ᠡᠾᠦ᠋ᠢ᠂ ᠨᠠᠷᠢ᠍ᠨ ᠪᠢᠴᠢ᠍ᠭ᠌ ᠦᠨ ᠲᠠᠷᠤᠭ᠎ᠠ ᠵᠢᠴᠢ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠭᠡᠰᠢ᠍ᠭᠦᠨ ᠬᠤᠷᠠᠯ ᠳᠤ ᠤᠷᠤᠯᠴᠠᠪᠠ᠃ ᠬᠤᠰᠢ᠍ᠭᠤᠨ ᠦ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠠᠮ ᠤᠨ ᠤᠳ᠋ᠤᠷᠢ᠍ᠳᠬᠤ ᠲᠤᠭᠤᠢ᠌ᠯᠠᠩ ᠤᠨ ᠱᠦ᠋ᠵᠢ ᠡᠦ ᠴᠢ᠍ᠩ ᠬᠠᠢ᠂ ᠬᠤᠰᠢ᠍ᠭᠤᠨ ᠤ ᠠᠷᠠᠳ ᠤᠨ ᠰᠢ᠍ᠭᠦᠬᠦ ᠬᠤᠷᠢ᠍ᠶ᠎ᠠ ᠶᠢᠨ ᠬᠤᠷᠢ᠍ᠶᠠᠨ ᠲᠠᠷᠤᠭ᠎ᠠ ᠶᠠᠩ ᠭᠧ ᠬᠤᠸᠨ᠂ ᠬᠤᠰᠢ᠍ᠭᠤᠨ ᠤ ᠠᠷᠠᠳ ᠤᠨ ᠪᠠᠢ᠌ᠴᠠᠭᠠᠬᠤ ᠬᠤᠷᠢ᠍ᠶᠠᠨ ᠤ ᠪᠠᠢ᠌ᠴᠠᠭᠠᠬᠤ ᠲᠠᠷᠤᠭ᠎ᠠ ᠳ᠋ᠸᠩ ᠭᠤᠸᠠᠩ ᠹᠸᠩ ᠪᠠ ᠬᠤᠰᠢ᠍ᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢ᠍ᠶᠠᠨ ᠤ ᠲᠡᠳ᠋ ᠱᠦ᠋ᠵᠢ᠂ ᠬᠢᠨᠠᠨ ᠪᠠᠢ᠌ᠴᠠᠭᠠᠬᠤ ᠵᠦ᠋ᠪᠯᠡᠯ ᠦᠨ ᠲᠡᠳ᠋ ᠡᠷᠬᠢᠯᠡᠭ᠍ᠴᠢ ᠭᠠᠷᠪᠤ ᠬᠤᠷᠠᠯ ᠳᠤ ᠰᠤᠯᠠ ᠤᠷᠤᠯᠴᠠᠪᠠ᠃ ᠡᠦ ᠰᠢ᠍ᠶᠤᠤ ᠬᠤᠷᠠᠯ ᠡᠷᠬᠢᠯᠡᠪᠡ᠃ ᠲᠤᠰ ᠤᠳ᠋ᠠᠭᠠᠨ ᠤ ᠬᠤᠷᠠᠯ ᠳᠤ ᠤᠷᠤᠯᠴᠠᠬᠤ ᠪᠠᠢ᠌ᠩᠭ᠋ᠤ ᠶᠢᠨ ᠭᠡᠰᠢ᠍ᠭᠦᠨ 28 ᠨᠡᠷᠡᠰ᠂ ᠪᠤᠳ᠋ᠠᠲᠠᠢ ᠤᠷᠤᠯᠴᠠᠭᠰᠠᠨ ᠨᠢ 25 ᠨᠡᠷᠡᠰ᠂ ᠬᠠᠦᠯᠢ ᠳᠤ ᠲᠤᠭᠳ᠋ᠠᠭᠰᠠᠨ ᠬᠦᠮᠦᠨ ᠦ ᠲᠤᠭᠠᠨ ᠳᠤ ᠨᠡᠢ᠌ᠴᠡᠨ᠎ᠠ᠃

        
             ᠬᠤᠷᠠᠯ ᠳᠤ ᠠᠵᠢ᠍ᠯᠳ᠋ᠠᠨ ᠢ ᠲᠤᠰᠢ᠍ᠶᠠᠯ ᠳᠤ ᠲᠤᠮᠢ᠍ᠯᠠᠬᠤ ᠪᠠᠭᠤᠯᠭᠠᠬᠤ ᠶᠠᠪᠤᠳ᠋ᠠᠯ ᠢ ᠶᠠᠪᠤᠭᠳ᠋ᠠᠭᠤᠯᠵᠤ᠂ ᠶᠠᠩ ᠭᠧ ᠬᠤᠸᠨ 《ᠶᠠᠩ ᠢᠦᠢ ᠵᠦ᠋ᠸᠸ ᠨᠦ᠋ᠬᠦᠷ ᠢ ᠰᠢ᠍ᠬᠦᠭ᠍ᠴᠢ ᠶᠢᠨ ᠲᠤᠰᠢ᠍ᠶᠠᠯ ᠳᠤ ᠲᠤᠮᠢ᠍ᠯᠠᠬᠤ ᠲᠤᠬᠠᠢ ᠲᠠᠪᠰᠢ᠍ᠬᠦᠯᠤᠯ ᠤᠨ ᠮᠡᠳ᠋ᠡᠭ᠍ᠳ᠋ᠡᠯ》᠋ ᠢ ᠤᠩᠰᠢ᠍ᠨ ᠨᠡᠪᠳ᠋ᠡᠷᠡᠭᠡᠬᠦ ᠶᠢᠨ ᠬᠠᠮᠳ᠋ᠤ ᠲᠤᠪᠴᠢ ᠨᠠᠮᠳ᠋ᠠᠢ ᠢ ᠲᠠᠨᠢᠯᠴᠠᠭᠤᠯᠪᠠ᠃ ᠳ᠋ᠸᠩ ᠭᠤᠸᠠᠩ ᠹᠸᠩ 《ᠶᠠᠩ ᠢᠦᠢ ᠵᠦ᠋ᠸᠸ ᠵᠡᠷᠭᠡ 3 ᠨᠦ᠋ᠬᠦᠷ ᠦᠨ ᠬᠠᠦᠯᠢ ᠴᠠᠭᠠᠵᠨ ᠶᠢᠨ ᠲᠤᠰᠢ᠍ᠶᠠᠯ ᠡᠴᠡ ᠪᠠᠭᠤᠯᠭᠠᠬᠤ ᠲᠠᠪᠰᠢ᠍ᠬᠦᠯᠤᠯ ᠤᠨ ᠲᠤᠬᠠᠢ ᠮᠡᠳ᠋ᠡᠭ᠍ᠳ᠋ᠡᠯ》 ᠪᠠ 《ᠸᠠᠩ ᠵᠠᠨ ᠴᠤᠤ ᠵᠡᠷᠭᠡ 2 ᠨᠦ᠋ᠬᠦᠷ ᠢ ᠬᠠᠦᠯᠢ ᠴᠠᠭᠠᠵᠨ ᠶᠢᠨ ᠲᠤᠰᠢ᠍ᠶᠠᠯ ᠳ᠋ᠥ ᠲᠤᠮᠢ᠍ᠯᠠᠬᠤ ᠲᠠᠪᠰᠢ᠍ᠬᠦᠯᠤᠯ ᠤᠨ ᠲᠤᠬᠠᠢ ᠮᠡᠳ᠋ᠡᠭ᠍ᠳ᠋ᠡᠯ》᠋ ᠢ ᠤᠩᠰᠢ᠍ᠨ ᠨᠡᠪᠳ᠋ᠡᠷᠡᠭᠡᠬᠦ ᠶᠢᠨ ᠬᠠᠮᠳ᠋ᠤ᠂ ᠲᠤᠰᠢ᠍ᠶᠠᠯ ᠳ᠋ᠥ ᠲᠤᠮᠢ᠍ᠯᠠᠬᠤ ᠺᠠᠳ᠋ᠷ ᠤᠨ ᠲᠤᠪᠴᠢ ᠨᠠᠮᠳ᠋ᠠᠷ ᠢ ᠲᠠᠨᠢ᠍ᠯᠴᠠᠭᠤᠯᠪᠠ᠃

        
             ᠬᠤᠷᠠᠯ ᠡᠴᠡ ᠭᠠᠷ ᠡᠷᠭᠦᠨ ᠪᠠᠳ᠋ᠤᠯᠠᠬᠤ ᠪᠠᠷ ᠲᠠᠮᠵᠢ᠍ᠨ᠂ ᠶᠠᠩ ᠢᠦᠢ ᠵᠦ᠋ᠸᠸ ᠨᠦ᠋ᠬᠦᠷ ᠦᠨ ᠬᠠᠷᠢ᠍ᠭᠤᠴᠠᠭᠰᠠᠨ ᠬᠤᠰᠢ᠍ᠭᠤᠨ ᠤ ᠠᠷᠠᠳ ᠪᠠᠢ᠌ᠴᠠᠭᠠᠬᠤ ᠬᠤᠷᠢ᠍ᠶ᠎ᠠ ᠶᠢᠨ ᠪᠠᠢ᠌ᠴᠠᠭᠠᠬᠤ ᠵᠦ᠋ᠪᠯᠡᠯ ᠦᠨ ᠭᠡᠰᠢ᠍ᠭᠦᠨ᠂ ᠪᠠᠢ᠌ᠴᠠᠭᠠᠭᠴᠢ ᠶᠢᠨ ᠲᠤᠰᠢ᠍ᠶᠠᠯ᠂ ᠮᠠ ᠵᠢᠨ ᠵᠤ ᠨᠦ᠋ᠬᠦᠷ ᠦᠨ ᠬᠠᠷᠢ᠍ᠭᠤᠴᠠᠭᠰᠠᠨ ᠬᠤᠰᠢ᠍ᠭᠤᠨ ᠤ ᠠᠷᠠᠳ ᠤᠨ ᠪᠠᠢ᠌ᠴᠠᠭᠠᠬᠤ ᠬᠤᠷᠢ᠍ᠶ᠎ᠠ ᠶᠢᠨ ᠪᠠᠢ᠌ᠴᠠᠭᠠᠬᠤ ᠵᠦ᠋ᠪᠯᠡᠯ ᠦᠨ ᠭᠡᠰᠢ᠍ᠭᠦᠨ ᠦ ᠲᠤᠰᠢ᠍ᠶᠠᠯ ᠪᠠ ᠭᠤᠤ ᠬᠣᠩ ᠬᠤ ᠨᠦ᠋ᠬᠦᠷ ᠦᠨ ᠬᠠᠷᠢ᠍ᠭᠤᠴᠠᠭᠰᠠᠨ ᠠᠷᠠᠳ ᠤᠨ ᠪᠠᠢ᠌ᠴᠠᠭᠠᠬᠤ ᠬᠤᠷᠢ᠍ᠶᠠᠨ ᠤ ᠪᠠᠢ᠌ᠴᠠᠭᠠᠭᠴᠢ ᠶᠢᠨ ᠲᠤᠰᠢ᠍ᠶᠠᠯ ᠡᠴᠡ ᠪᠠᠭᠤᠯᠭᠠᠬᠤ ᠶᠢ ᠵᠦ᠋ᠪᠰᠢ᠍ᠶᠡᠷᠡᠪᠡ᠃ ᠬᠤᠷᠠᠯ ᠲᠡᠭᠡᠷ᠎ᠠ ᠲᠤᠰᠢ᠍ᠶᠠᠯ ᠳᠤ ᠲᠤᠮᠢ᠍ᠯᠠᠬᠤ ᠠᠵᠢ᠍ᠯᠳ᠋ᠠᠨ ᠲᠤᠰᠢ᠍ᠶᠠᠯ ᠬᠠᠷᠢ᠍ᠭᠤᠴᠠᠬᠤ ᠶᠠᠷᠢ᠍ᠶ᠎ᠠ ᠬᠢᠵᠦ᠂ ᠬᠤᠷᠠᠯ ᠲᠠᠭᠡᠷ᠎ᠠ ᠪᠢᠯᠸᠲ ᠦᠭ᠍ᠴᠤ ᠰᠤᠩᠭ᠋ᠤᠬᠤ ᠪᠠᠷ ᠲᠠᠮᠵᠢ᠍ᠨ᠂ ᠶᠠᠩ ᠢᠦᠢ ᠵᠦ᠋ᠸᠸ ᠶᠢ ᠬᠤᠰᠢ᠍ᠭᠤᠨ ᠤ ᠠᠷᠠᠳ ᠤᠨ ᠰᠢ᠍ᠭᠦᠬᠦ ᠬᠤᠷᠢ᠍ᠶ᠎ᠠ ᠶᠢᠨ ᠲᠡᠳ᠋ ᠬᠤᠷᠢ᠍ᠶᠠᠨ ᠲᠠᠷᠤᠭ᠎ᠠ᠂ ᠰᠢ᠍ᠭᠦᠨ ᠲᠠᠰᠤᠯᠬᠤ ᠵᠦ᠋ᠪᠯᠡᠯ ᠦᠨ ᠭᠡᠰᠢ᠍ᠬᠦᠨ᠂ ᠰᠢ᠍ᠭᠦᠭ᠍ᠴᠢ᠂ ᠸᠠᠩ ᠵᠠᠨ ᠴᠤᠤ ᠶᠢ ᠬᠤᠰᠢ᠍ᠭᠤᠨ ᠤ ᠠᠷᠠᠳ ᠤᠨ ᠪᠠᠢ᠌ᠴᠠᠭᠠᠬᠤ ᠬᠤᠷᠢ᠍ᠶ᠎ᠠ ᠶᠢᠨ ᠲᠡᠳ᠋ ᠪᠠᠢ᠌ᠴᠠᠭᠠᠬᠤ ᠲᠠᠷᠤᠭ᠎ᠠ᠂ ᠪᠠᠢ᠌ᠴᠠᠭᠠᠬᠤ ᠵᠦ᠋ᠪᠯᠡᠯ ᠦᠨ ᠭᠡᠰᠢ᠍ᠭᠦᠨ᠂ ᠪᠠᠢ᠌ᠴᠠᠭᠠᠭᠴᠢ᠂ ᠯᠢ᠍ᠦᠢ ᠷᠡᠨ ᠢ ᠬᠤᠰᠢ᠍ᠭᠤᠨ ᠤ ᠠᠷᠠᠳ ᠤᠨ ᠪᠠᠢ᠌ᠴᠠᠭᠠᠬᠤ ᠬᠤᠷᠢ᠍ᠶ᠎ᠠ ᠶᠢᠨ ᠪᠠᠢ᠌ᠴᠠᠭᠠᠬᠤ ᠵᠦ᠋ᠪᠯᠡᠯ ᠦᠨ ᠲᠤᠰᠬᠠᠢ ᠠᠵᠢ᠍ᠯ ᠤᠨ ᠲᠤᠰᠢ᠍ᠶᠠᠯᠳ᠋ᠠᠨ ᠶᠢᠡᠷ ᠲᠤᠮᠢ᠍ᠯᠠᠪᠠ᠃ ᠡᠦ ᠰᠢ᠍ᠶᠤᠤ ᠰᠢ᠍ᠨ᠎ᠠ ᠪᠡᠷ ᠲᠤᠰᠢᠶᠠᠯ ᠳᠤ ᠲᠤᠮᠢ᠍ᠯᠠᠭᠳ᠋ᠠᠭᠰᠠᠳ ᠲᠣ ᠲᠤᠮᠢ᠍ᠯᠠᠯ ᠤᠨ ᠪᠢᠴᠢ᠍ᠭ᠌ ᠭᠠᠷᠳ᠋ᠠᠭᠤᠯᠵᠤ᠂ ᠰᠢ᠍ᠨ᠎ᠠ ᠪᠠᠷ ᠲᠤᠰᠢ᠍ᠶᠠᠯ ᠳ᠋ᠥ ᠲᠤᠮᠢ᠍ᠯᠠᠭᠳ᠋ᠠᠭᠰᠠᠳ ᠦᠨᠳ᠋ᠤᠰᠤᠨ ᠬᠠᠦᠯᠢ ᠳᠤ ᠲᠠᠩᠭ᠋ᠠᠷᠢ᠍ᠭᠯᠠᠪᠠ᠃

        

        
              ᠬᠤᠷᠠᠯ ᠡᠴᠡ ᠵᠠᠷᠤᠳ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠤ ᠬᠤᠷᠠᠯ ᠬᠤᠷᠠᠯᠳ᠋ᠤᠭᠤᠯᠬᠤ ᠴᠠᠭ ᠢ ᠬᠢᠨᠠᠨ ᠵᠦ᠋ᠪᠯᠡᠵᠦ ᠪᠠᠳ᠋ᠤᠯᠠᠨ᠂ ᠵᠠᠷᠤᠳ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠤ ᠬᠤᠷᠠᠯ ᠤᠨ ᠵᠦ᠋ᠪᠯᠡᠬᠦ ᠵᠦ᠋ᠢ᠍ᠯ (ᠲᠦ᠋ᠰᠤᠯ)᠂ ᠶᠡᠬᠡ ᠬᠤᠷᠠᠯ ᠤᠨ ᠲᠠᠷᠢ᠍ᠬᠦᠯᠡᠭ᠍ᠴᠢ᠍ᠳ ᠤᠨ ᠪᠦᠯᠬᠦᠮ᠂ ᠨᠠᠷᠢ᠍ᠨ ᠪᠢᠴᠢ᠍ᠭ᠌ ᠦᠨ ᠲᠠᠷᠤᠭ᠎ᠠ ᠶᠢᠨ ᠰᠠᠨᠠᠭᠤᠯᠭ᠎ᠠ ᠶᠢᠨ ᠨᠡᠷᠡᠰ (ᠲᠦ᠋ᠰᠤᠯ)᠂ ᠰᠠᠨᠠᠯ ᠵᠦ᠋ᠪᠯᠡᠯᠭᠡ ᠬᠢᠨᠠᠨ ᠪᠠᠢ᠌ᠴᠠᠭᠠᠬᠤ ᠵᠦ᠋ᠪᠯᠡᠯ ᠦᠨ ᠪᠦᠷᠢ᠍ᠯᠳ᠋ᠦᠭᠦᠨ ᠦ ᠰᠠᠨᠠᠭᠤᠯᠭ᠎ᠠ ᠶᠢᠨ ᠨᠡᠷᠡᠰ (ᠲᠦ᠋ᠰᠤᠯ)᠂ ᠲᠠᠷᠢ᠍ᠬᠦᠯᠡᠭ᠍ᠴᠢ᠍ᠳ ᠤᠨ ᠪᠦᠯᠬᠦᠮ ᠦᠨ ᠪᠠᠢ᠌ᠩᠭ᠋ᠤ ᠶᠢᠨ ᠲᠡᠷᠢ᠍ᠭᠦᠯᠡᠭ᠍ᠴᠢ ᠶᠢᠨ ᠰᠠᠨᠠᠭᠤᠯᠭ᠎ᠠ ᠶᠢᠨ ᠨᠡᠷᠡᠰ (ᠲᠦ᠋ᠰᠤᠯ)᠂ ᠬᠤᠷᠠᠯ ᠤᠨ ᠲᠠᠳ᠋ ᠨᠠᠷᠢ᠍ᠨ ᠪᠢᠴᠢ᠍ᠭ᠌ ᠤᠨ ᠲᠠᠷᠤᠭ᠎ᠠ ᠶᠢᠨ ᠰᠠᠨᠠᠭᠤᠯᠭ᠎ᠠ ᠶᠢᠨ ᠨᠡᠷᠡᠰ (ᠲᠦ᠋ᠰᠤᠯ)᠂ ᠬᠤᠷᠠᠯ ᠤᠨ ᠲᠠᠷᠠᠭᠠᠯᠠᠯ ᠤᠨ ᠲᠦ᠋ᠰᠤᠯ ᠵᠢᠴᠢ ᠬᠦᠢ᠍ᠴᠡᠳᠭᠡᠭ᠍ᠴᠢ ᠲᠠᠷᠢ᠍ᠬᠦᠯᠡᠭ᠍ᠴᠢ ᠶᠢᠨ ᠲᠤᠭᠤᠢ᠌ᠯᠠᠩ ᠬᠤᠪᠢᠶᠠᠭᠰᠨᠨ ᠨᠡᠷᠡᠰ (ᠲᠦ᠋ᠰᠤᠯ)᠋ ᠢ ᠬᠢᠨᠠᠨ ᠵᠦ᠋ᠪᠯᠡᠵᠤ ᠪᠠᠳ᠋ᠤᠯᠠᠪᠠ᠃ ᠵᠠᠷᠤᠳ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯ ᠤᠨ ᠲᠦ᠋ᠯᠦᠭᠡᠯᠡᠭ᠍ᠴᠢ ᠶᠢᠨ ᠬᠢᠷᠢ ᠭᠡᠮ ᠢ ᠬᠢᠨᠠᠨ ᠵᠦ᠋ᠪᠯᠡᠬᠦ ᠮᠡᠳ᠋ᠡᠬᠦᠯᠤᠯᠳ᠋ᠠ᠂ ᠬᠤᠷᠠᠯ ᠤᠨ ᠲᠦ᠋ᠯᠦᠭᠡᠯᠡᠭ᠍ᠴᠢ᠍ᠳ ᠦᠨ ᠪᠦᠯᠬᠦᠮ ᠦᠨ ᠬᠤᠪᠢᠶᠠᠷᠢ᠍ᠯᠡᠯ ᠵᠢᠴᠢ ᠰᠤᠯᠠ ᠤᠷᠤᠯᠴᠠᠬᠤ ᠠᠵᠢ᠍ᠯᠳ᠋ᠠᠨ ᠤ ᠰᠠᠨᠠᠭᠤᠯᠭ᠎ᠠ ᠶᠢᠨ ᠨᠡᠷᠡᠰ ᠦᠨ ᠲᠠᠢ᠌ᠯᠪᠤᠷᠢ᠍ᠯᠠᠯ ᠢ ᠰᠤᠨᠤᠰᠤᠨ ᠬᠢᠨᠠᠨ ᠵᠦ᠋ᠪᠯᠡᠪᠡ᠃ ᠬᠤᠰᠢ᠍ᠭᠤᠨ ᠤ ᠠᠷᠠᠳ ᠤᠨ ᠵᠠᠰᠠᠭ ᠤᠨ ᠤᠷᠳ᠋ᠤᠨ ᠤ 《2021 ᠤᠨ ᠤ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠲᠦ᠋ᠷᠤᠯ ᠵᠤᠢ᠌ᠯ ᠢ ᠠᠷᠠᠳ ᠤᠨ ᠲᠦ᠋ᠯᠤᠭᠡᠯᠡᠭ᠍ᠴᠢ ᠪᠢᠯᠸᠲ ᠦᠭ᠍ᠴᠤ ᠪᠠᠳ᠋ᠤᠯᠠᠬᠤ ᠲᠦ᠋ᠷᠤᠯ ᠵᠤᠢ᠌ᠯ ᠢ ᠡᠯᠰᠡᠵᠤ ᠰᠢ᠍ᠯᠢ᠍ᠬᠦ ᠠᠵᠢ᠍ᠯ ᠤᠨ ᠠᠬᠢᠴᠨ ᠶᠢᠨ ᠪᠠᠢ᠌ᠳ᠋ᠠᠯ ᠤᠨ ᠮᠡᠳ᠋ᠡᠬᠦᠯᠤᠯᠳ᠋ᠠ》᠋ ᠶᠢ ᠰᠤᠨᠤᠰᠤᠨ ᠬᠢᠨᠠᠨ ᠵᠦ᠋ᠪᠯᠡᠪᠡ᠃ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠲᠦ᠋ᠷᠤᠯ ᠵᠤᠢ᠌ᠯ ᠢ ᠪᠢᠯᠸᠲ ᠦᠭ᠍ᠴᠤ ᠪᠠᠳ᠋ᠤᠯᠠᠬᠤ ᠠᠷᠭ᠎ᠠ (ᠲᠦ᠋ᠰᠤᠯ)᠋ ᠢ ᠰᠤᠨᠤᠰᠤᠨ ᠬᠢᠨᠠᠨ ᠵᠦ᠋ᠪᠯᠡᠪᠡ᠃ ᠰᠤᠩᠭ᠋ᠤᠭᠤᠯᠢ ᠶᠢᠨ ᠠᠷᠭ᠎ᠠ (ᠲᠦ᠋ᠰᠤᠯ) ᠵᠢᠴᠢ (ᠲᠦ᠋ᠰᠤᠯ)᠋ ᠤᠨ ᠲᠤᠳ᠋ᠤᠷᠬᠠᠢ᠌ᠯᠠᠯ ᠢ ᠰᠤᠨᠤᠰᠤᠨ ᠬᠢᠨᠠᠨ ᠵᠦ᠋ᠪᠯᠡᠪᠡ᠃ ᠵᠠᠷᠤᠤᠨ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠲᠦ᠋ᠷᠪᠡᠳ᠋ᠦᠭᠡᠷ ᠬᠤᠷᠠᠯ ᠦᠨ ᠲᠦ᠋ᠯᠦᠭᠡᠯᠡᠭ᠍ᠴᠢ ᠶᠢᠨ ᠰᠠᠨᠠᠭᠤᠯᠭ᠎ᠠ᠂ ᠰᠢ᠍ᠭᠦᠮᠵᠢ᠍ᠯᠡᠯ ᠪᠠ ᠰᠠᠨᠠᠯ ᠢ ᠱᠠᠭᠠᠷᠳ᠋ᠠᠨ ᠬᠢᠯᠭᠡᠬᠦ ᠠᠵᠢ᠍ᠯ ᠤᠨ ᠪᠠᠢ᠌ᠳ᠋ᠠᠯ ᠤᠨ ᠮᠡᠳ᠋ᠡᠭᠦᠯᠦᠯᠳ᠋ᠡ ᠶᠢ ᠰᠤᠨᠤᠰᠤᠨ ᠬᠢᠨᠠᠨ ᠵᠦ᠋ᠪᠯᠡᠪᠡ᠃ ᠬᠤᠰᠢ᠍ᠭᠤᠨ ᠦ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠠᠵᠢ᠍ᠯ ᠤᠨ ᠮᠡᠳ᠋ᠡᠭᠦᠯᠦᠯᠳ᠋ᠡ (ᠶᠠᠷᠢ᠍ᠯᠴᠠᠬᠤ ᠨᠤᠤᠷᠠᠭ)᠋ ᠶᠢ ᠰᠤᠨᠤᠰᠴᠦ ᠬᠢᠨᠠᠨ ᠵᠦ᠋ᠪᠯᠡᠵᠦ᠂ ᠬᠤᠰᠢ᠍ᠭᠤᠨ ᠦ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ 2021 ᠤᠨ ᠤ ᠠᠵᠢ᠍ᠯ ᠤᠨ ᠭᠤᠤᠯᠳ᠋ᠠᠯᠭ᠎ᠠ (ᠶᠠᠷᠢ᠍ᠯᠴᠠᠬᠤ ᠨᠤᠤᠷᠠᠭ)᠋ ᠶᠢ ᠰᠤᠨᠤᠰᠤᠨ ᠬᠢᠨᠠᠨ ᠵᠦ᠋ᠪᠯᠡᠪᠡ᠃

        ᠬᠤᠷᠠᠯ ᠳᠤ ᠤᠷᠤᠯᠴᠠᠭᠰᠠᠳ ᠡᠯ᠎ᠠ ᠲᠦ᠋ᠷᠦᠯ ᠦᠨ ᠮᠡᠳ᠋ᠡᠭᠦᠯᠦᠯᠳ᠋ᠡ ᠶᠢᠨ ᠲᠤᠭᠤᠷᠢ᠍ᠨ ᠳᠤ ᠶᠠᠷᠢ᠍ᠯᠴᠠᠭ᠎ᠠ ᠦᠷᠨᠢᠬᠦᠯᠬᠦ ᠶᠢᠨ ᠬᠠᠮᠳ᠋ᠤ ᠴᠢᠭ᠍ᠯᠡᠯᠳ᠋ᠦ ᠴᠢ᠍ᠨᠠᠷ ᠲᠡᠶ ᠰᠠᠨᠠᠯ ᠰᠠᠨᠠᠭᠤᠯᠭ᠎ᠠ ᠲᠤᠷᠠᠳ᠋ᠤᠪᠠ᠃


ᠡᠮᠦᠨᠡᠬᠢ᠄ ᠵᠠᠷᠤᠳ ᠬᠣᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠪᠠ
ᠳᠠᠷᠠᠭᠠᠬᠢ᠄ ᠪᠦᠬᠦ ᠬᠤᠰᠢ᠍ᠭᠤᠨ ᠤ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠠᠵᠢ᠍ᠯ ᠤᠨ ᠬᠠᠷᠢ᠍ᠭᠤ ᠮᠡᠳ᠋ᠡᠭᠦᠯᠦᠯᠳ᠋ᠡ ᠶᠢᠨ ᠬᠤᠷᠠᠯ ᠬᠤᠷᠠᠯᠳ᠋ᠤᠭᠤᠯᠪᠠ