ᠡᠦ ᠴᠢ᠍ᠩ ᠬᠠᠢ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠤ ᠪᠡᠯᠡᠳᠬᠡᠯ ᠠᠵᠢ᠍ᠯ ᠤᠨ ᠪᠠᠢ᠌ᠳ᠋ᠠᠯ ᠢ ᠪᠠᠢ᠌ᠴᠠᠭᠠᠪᠠ


ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯ ᠬᠤᠷᠠᠯᠳ᠋ᠤᠬᠤ ᠴᠠᠭ ᠬᠤᠭᠤᠴᠠᠭ᠎ᠠ ᠤᠢ᠌ᠷᠠᠳᠴᠤ ᠢᠷᠡᠬᠦ ᠪᠡᠷ᠂ 3 ᠰᠠᠷ᠎ᠠ ᠶᠢᠨ 8᠋ ᠤ ᠡᠳ᠋ᠦᠷ᠂ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠨᠠᠮ ᠤᠨ ᠤᠳ᠋ᠤᠷᠢ᠍ᠳᠬᠤ ᠳᠤᠭᠤᠢᠯᠠᠩ ᠤᠨ ᠱᠦ᠋ᠵᠢ ᠡᠦ ᠴᠢ᠍ᠩ ᠬᠠᠶ᠂ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠳᠡᠳ᠋ ᠡᠷᠬᠢᠯᠡᠭ᠍ᠴᠢ ᠡᠤ ᠰᠢ᠍ᠶᠤᠤ ᠨᠡᠷ ᠬᠣᠰᠢ᠍ᠭᠤᠨ ᠤ ᠰᠤᠶᠤᠯ ᠤᠬᠠᠭᠤᠯᠭ᠎ᠠ ᠶᠢᠨ ᠲᠥᠪ᠂ ᠬᠣᠰᠢ᠍ᠭᠤᠨ ᠤ ᠨᠠᠮ ᠤᠨ ᠬᠣᠷᠢ᠍ᠶᠠᠨ ᠤ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠲᠥᠪ ᠲᠤ ᠬᠦᠷᠴᠦ ᠬᠤᠷᠠᠯ ᠤᠨ ᠶᠠᠪᠤᠳ᠋ᠠᠯ ᠤᠨ ᠪᠡᠯᠡᠳᠬᠡᠯ ᠠᠵᠢ᠍ᠯ ᠤᠨ ᠲᠤᠬᠠᠢ ᠪᠠᠢ᠌ᠴᠠᠭᠠᠪᠠ᠃


ᠡᠤ ᠴᠢ᠍ᠩ ᠬᠠᠶ ᠬᠤᠷᠠᠯ ᠤᠨ ᠲᠠᠯᠠᠪᠠᠶ ᠶᠢᠨ ᠳᠣᠲᠣᠨ᠎ᠠ ᠭᠠᠳ᠋ᠠᠨᠠᠬᠢ ᠪᠠᠢ᠌ᠷᠢ᠍ᠯᠠᠭᠤᠯᠤᠯᠲᠠ᠂ ᠬᠤᠷᠠᠯ ᠤᠨ ᠶᠠᠪᠤᠳ᠋ᠠᠯ ᠤᠨ ᠲᠥᠬᠥᠭᠡᠷᠦᠮᠵᠢ ᠶᠢᠨ ᠲᠣᠬᠢᠷᠠᠭᠤᠯᠤᠯᠲᠠ ᠵᠢ᠍ᠴᠢ ᠡᠯ᠎ᠠ ᠵᠦ᠋ᠢᠯ ᠦᠨ ᠬᠤᠷᠠᠯ ᠤᠨ ᠪᠡᠯᠡᠳᠬᠡᠯ ᠦᠨ ᠪᠠᠢ᠌ᠳ᠋ᠠᠯ ᠳᠤ ᠨᠠᠷᠢ᠍ᠨ ᠪᠠᠢ᠌ᠴᠠᠭᠠᠯᠲᠠ ᠬᠢᠭ᠍ᠰᠡᠨ ᠪᠥᠭᠡᠳ ᠨᠠᠷᠢ᠍ᠨ ᠵᠦ᠋ᠢᠯᠡᠰ ᠦᠨ ᠠᠰᠠᠭᠤᠳ᠋ᠠᠯ ᠤᠨ ᠲᠤᠬᠠᠶ ᠰᠠᠢᠵᠢ᠍ᠷᠠᠭᠤᠯᠬᠤ ᠰᠠᠨᠠᠯ ᠳᠤᠷᠠᠳᠴᠤ᠂ ᠡᠯ᠎ᠠ ᠪᠡᠯᠡᠳᠬᠡᠯ ᠳᠤᠭᠤᠢᠯᠠᠩ ᠤᠨ ᠬᠢᠨ ᠤᠯᠠᠮ ᠨᠢ᠍ᠭᠡ ᠠᠯᠬᠤᠮ ᠵᠣᠬᠢᠴᠠᠯᠳ᠋ᠤᠨ ᠬᠠᠮᠵᠢ᠍ᠯᠴᠠᠵᠤ᠂ ᠨᠡᠪᠲᠡᠷᠡᠯᠴᠡᠭᠡ ᠬᠠᠷᠢ᠍ᠯᠴᠠᠭ᠎ᠠ ᠪᠠᠨ ᠴᠢ᠍ᠩᠭ᠋ᠠᠳᠬᠠᠨ᠂ ᠬᠠᠮᠲᠤᠷᠠᠯ ᠬᠦᠴᠦᠨ ᠢ ᠪᠦᠷᠢ᠍ᠯᠳ᠋ᠦᠭᠦᠯᠵᠦ᠂ ᠡᠯ᠎ᠠ ᠭᠣᠭᠴᠣᠭ᠎ᠠ ᠵᠢ ᠨᠠᠷᠢ᠍ᠯᠢ᠍ᠬᠵᠢ᠍ᠭᠤᠯᠤᠨ᠂ ᠬᠤᠷᠠᠯ ᠤᠨ ᠡᠯ᠎ᠠ ᠵᠦ᠋ᠢᠯ ᠦᠨ ᠠᠵᠢ᠍ᠯ ᠢ ᠪᠥᠬᠥ ᠬᠦᠴᠦᠨ ᠶᠢᠠᠷ ᠶᠢᠠᠨ ᠰᠠᠢᠲᠤᠷ ᠬᠢᠵᠦ᠂ ᠶᠡᠬᠡ ᠬᠤᠷᠠᠯ ᠤᠨ ᠤᠷᠤᠭᠰᠢ᠍ᠲᠠᠶ ᠬᠤᠷᠠᠯᠳ᠋ᠤᠬᠤ ᠵᠢ ᠪᠠᠲᠤᠯᠠᠬᠤ ᠬᠡᠷᠡᠭ᠍ᠲᠡᠶ ᠭᠡᠵᠦ ᠴᠢ᠍ᠬᠤᠯᠠᠴᠢ᠍ᠯᠠᠪᠠ᠃(ᠳ᠋ᠠᠢ ᠰᠢᠶᠦ᠋ᠩ)