ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠵᠠᠷᠤᠳ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ᠁
ᠵᠠᠷᠤᠳ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ᠍ᠳ ᠠᠷᠠᠳ ᠤᠯᠠᠨ ᠤ ᠰᠡᠳᠬᠢᠯ ᠤᠨ ᠲᠠᠭᠤᠨ ᠢ ᠲᠠᠮᠵᠢ᠍ᠭᠤᠯᠬᠤ ᠪᠠᠷ ᠶᠡᠬᠡ ᠬᠤᠷᠠᠯ ᠳ᠋ᠥ ᠨᠡᠷ᠎ᠠ ᠮᠡᠳ᠋ᠡᠬᠦᠯᠪᠡ


        

        3 ᠰᠠᠷ᠎ᠠ ᠶᠢᠨ 9᠋ ᠤ ᠦᠳ᠋ᠡ ᠶᠢᠨ ᠡᠮᠦᠨ᠎ᠠ᠂ ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠣᠭᠠᠨ ᠳ᠋ᠥ ᠣᠷᠣᠯᠴᠠᠬᠤ ᠲᠥᠯᠥᠭᠡᠯᠡᠭ᠍ᠴᠢ᠍ᠳ ᠣᠷᠭᠢᠯᠤᠮ᠎ᠠ ᠬᠠᠯᠠᠭᠤᠨ ᠰᠡᠳᠬᠢᠯᠭᠡ᠂ ᠡᠷᠡᠮᠡᠬᠡᠢ᠌ᠯᠡᠨ ᠲᠡᠮᠡᠴᠡᠬᠦ ᠵᠣᠷᠢ᠍ᠭ ᠰᠠᠨᠠᠭ᠎ᠠ ᠪᠠᠷ ᠬᠥᠭ᠍ᠵᠢ᠍ᠯᠲᠡ ᠶᠢ ᠲᠥᠯᠥᠪᠵᠢ᠍ᠭᠦᠯᠬᠦ ᠡᠷᠴᠢ ᠵᠣᠷᠢ᠍ᠭ ᠶᠢᠡᠨ ᠬᠥᠪᠴᠢ᠍ᠯᠡᠨ ᠶᠡᠬᠡ ᠬᠤᠷᠠᠯ ᠳᠤ ᠨᠡᠷ᠎ᠠ ᠮᠡᠳ᠋ᠡᠭᠦᠯᠪᠡ᠃

        
              ᠠᠷᠠᠳ ᠤᠨ ᠲᠦ᠋ᠯᠦᠬᠡᠯᠡᠭ᠍ᠴᠢ᠍ᠳ ᠡᠷᠡᠭᠦᠯ ᠮᠡᠨᠳ᠋ᠦ ᠶᠢᠨ ᠲᠠᠮᠳᠡᠭ ᠶᠢᠡᠨ ᠭᠠᠷᠭᠠᠨ ᠦᠵᠡᠭᠦᠯᠬᠦ᠂ ᠪᠡᠶ᠎ᠠ ᠶᠢᠨ ᠳᠤᠯᠠᠭᠠᠨ ᠶᠢᠡᠨ ᠬᠡᠮᠵᠢ᠍ᠬᠦᠯᠬᠦ᠂ ᠨᠡᠷ᠎ᠠ ᠪᠡᠨ ᠲᠡᠮᠳ᠋ᠡᠭᠯᠡᠬᠦ᠂ ᠮᠡᠳ᠋ᠡᠭᠡ ᠵᠠᠩᠭᠢ ᠶᠢ ᠬᠠᠷᠭᠤᠭᠤᠯᠬᠤ᠂ ᠦᠨᠡᠮᠯᠡᠯ ᠣᠯᠭᠣᠬᠤ᠂ ᠬᠤᠷᠠᠯ ᠤᠨ ᠮᠠᠲ᠋ᠧᠷᠢ᠍ᠶᠠᠯ ᠢ ᠠᠪᠬᠤ ᠵᠡᠷᠬᠡ ᠶᠢ ᠲᠦ᠋ᠯᠦᠬᠡᠯᠡᠭ᠍ᠴᠢ᠍ᠳ ᠤᠨ ᠨᠡᠷ᠎ᠠ ᠮᠡᠳ᠋ᠡᠭᠦᠯᠬᠦ ᠭᠠᠵᠠᠷ ᠲᠣ ᠠᠵᠢ᠍ᠯᠲᠠᠨ ᠤ ᠵᠢᠯᠣᠭᠣᠳ᠋ᠤᠯᠭ᠎ᠠ ᠳᠣᠣᠷ᠎ᠠ᠂ ᠨᠡᠷ᠎ᠠ ᠮᠡᠳ᠋ᠡᠭᠦᠯᠬᠦ ᠠᠵᠢ᠍ᠯ ᠡᠮᠬᠢ ᠴᠡᠭ᠍ᠴᠡᠲᠡᠢ ᠶᠠᠪᠤᠭᠳ᠋ᠠᠪᠠ᠃

        
             ᠬᠢᠵᠢ᠍ᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠶᠢ ᠪᠠᠢ᠌ᠩᠭ᠋ᠤᠵᠢ᠍ᠭᠤᠯᠤᠭᠰᠠᠨ ᠪᠠᠢ᠌ᠳ᠋ᠠᠯ ᠳᠣᠤᠷ᠎ᠠ᠂ ᠡᠨᠡ ᠵᠢᠯ ᠤᠨ ᠬᠤᠷᠠᠯ ᠳᠤ ᠣᠷᠣᠯᠴᠠᠭᠰᠠᠨ ᠲᠥᠯᠥᠭᠡᠯᠡᠭ᠍ᠴᠢ᠍ᠳ ᠪᠡᠶ᠎ᠠ ᠶᠢᠨ ᠲᠤᠯᠠᠭᠠᠨ ᠶᠢᠡᠨ ᠭᠡᠮᠵᠢᠬᠦᠯᠤᠨ᠂ ᠪᠥᠬᠥ ᠶᠠᠪᠤᠴᠠ ᠳᠤ ᠠᠮᠠᠪᠴᠢ ᠵᠡᠭᠦᠵᠦ᠂ ᠨᠢᠭᠡ ᠦᠷᠤᠭᠡᠨ ᠳᠤ ᠭᠠᠭᠴᠠ ᠬᠥᠮᠦᠨ ᠢ ᠲᠤᠬᠢᠷᠠᠭᠤᠯᠵᠤ᠂ᠬᠤᠭᠤᠯᠠᠨ ᠤ ᠴᠠᠭ ᠢ ᠵᠤᠬᠢᠰᠳᠠᠢ ᠵᠦᠷᠢᠬᠦᠯᠵᠤ ᠲᠤᠬᠢᠷᠠᠭᠤᠯᠤᠨ᠂ ᠬᠥᠮᠦᠰ ᠤᠨ ᠨᠠᠰᠢ ᠴᠠᠰᠢ ᠶᠠᠪᠤᠵᠤ ᠰᠠᠭᠤᠬᠤ ᠶᠢ ᠴᠢ᠍ᠩᠭ᠎ᠠ ᠬᠢᠵᠠᠭᠠᠷᠯᠠᠬᠤ ᠶᠢ ᠬᠡᠷᠡᠭ᠍ᠵᠢ᠍ᠬᠦᠯᠪᠡ᠃ ᠨᠡᠷ᠎ᠠ ᠮᠡᠳ᠋ᠡᠭᠦᠯᠬᠦ ᠭᠠᠵᠠᠷ ᠲᠣ ᠲᠤᠰᠬᠠᠢ ᠠᠷᠢ᠍ᠭᠤᠳᠬᠠᠬᠤ ᠭᠠᠵᠠᠷ ᠲᠤᠬᠢᠷᠠᠭᠤᠯᠤᠨ᠂ ᠠᠮᠠᠪᠴᠢ᠂ ᠰᠫᠢᠷᠲ ᠠᠭᠤᠯᠤᠬᠰᠠᠨ ᠠᠯᠴᠢ᠍ᠭᠤᠷ᠂ ᠭᠠᠷ ᠤᠬᠢᠶᠠᠬᠤ ᠰᠢ᠍ᠩᠭᠡᠨ ᠵᠡᠷᠭᠡ ᠬᠢᠵᠢ᠍ᠭ᠌ ᠢ ᠰᠡᠷᠭᠡᠢ᠌ᠯᠡᠬᠦ ᠬᠡᠷᠡᠭ᠍ᠰᠡᠯ ᠢ ᠲᠠᠯᠪᠢᠵᠤ᠂ ᠶᠡᠬᠡ ᠬᠤᠷᠠᠯ ᠤᠨ ᠠᠮᠤᠷ ᠲᠦ᠋ᠪᠰᠢ᠍ᠨ ᠡᠮᠬᠢ ᠵᠢᠷᠤᠮ ᠲᠠᠶ᠂ ᠤᠷᠤᠭᠰᠢ᠍ᠲᠠᠢ ᠬᠤᠷᠠᠯᠳ᠋ᠤᠬᠤ ᠶᠢ ᠪᠠᠲᠤᠯᠠᠪᠠ᠃

        
            ᠣᠯᠠᠨ ᠲᠦ᠋ᠮᠡᠨ ᠤ《ᠣᠷᠣᠯᠠᠨ ᠥᠭᠦᠯᠡᠭ᠍ᠴᠢ》 ᠪᠣᠯᠤᠭᠰᠠᠨ ᠤ ᠬᠤᠪᠢ ᠳᠤ᠂ ᠲᠣᠰ ᠤᠳ᠋ᠠᠭᠠᠨ ᠤ ᠬᠤᠷᠠᠯ ᠳ᠋ᠥ ᠲᠥᠯᠥᠭᠡᠯᠡᠭ᠍ᠴᠢ᠍ᠳ ᠰᠠᠨᠠᠯ ᠵᠦ᠋ᠪᠯᠡᠯᠬᠡ ᠪᠠᠨ ᠡᠪᠦᠷᠯᠡᠵᠤ᠂ ᠪᠡᠯᠡᠳᠬᠡᠯ ᠲᠡᠶ ᠢᠷᠡᠭ᠍ᠰᠡᠨ ᠶᠤᠮ᠃ ᠢᠷᠡᠬᠦ ᠬᠡᠳ᠋ᠦᠨ ᠡᠳ᠋ᠦᠷ ᠲᠤ᠂ ᠲᠡᠳ᠋ᠡ ᠬᠤᠷᠠᠯ ᠤᠨ ᠵᠥᠪᠯᠡᠬᠦ ᠵᠦ᠋ᠢ᠍ᠯ ᠤᠨ ᠲᠣᠭᠣᠷᠢ᠍ᠨ ᠳᠤ᠂ ᠬᠠᠤᠯᠢ ᠶᠣᠰᠣᠭᠠᠷ ᠡᠭᠦᠷᠭᠡ ᠬᠠᠷᠢ᠍ᠭᠤᠴᠠᠯᠭ᠎ᠠ ᠪᠠᠨ ᠭᠦᠢ᠍ᠴᠡᠳᠬᠡᠵᠦ᠂ ᠵᠦ᠋ᠪᠯᠡᠯᠬᠡ ᠲᠤᠷᠠᠳᠤᠨ᠂ ᠬᠥᠭ᠍ᠵᠢ᠍ᠯᠲᠡ ᠶᠢ ᠡᠷᠢ᠍ᠯᠬᠢᠯᠡᠵᠦ᠂ ᠪᠦᠬᠦ ᠬᠣᠰᠢ᠍ᠭᠤᠨ ᠤ ᠠᠵᠤ ᠠᠬᠤᠢ ᠶᠢᠨ ᠬᠥᠭ᠍ᠵᠢ᠍ᠯᠲᠡ ᠪᠠ ᠨᠡᠢ᠌ᠭᠡᠮ ᠤᠨ ᠠᠷᠠᠳ ᠤᠨ ᠠᠮᠢ᠍ᠳ᠋ᠤᠷᠠᠯ ᠳᠤ ᠠᠷᠭ᠎ᠠ ᠤᠬᠠᠭᠠᠨ ᠭᠠᠷᠭᠠᠵᠤ᠂ ᠲᠦ᠋ᠯᠦᠭᠡᠯᠡᠭ᠍ᠴᠢ ᠶᠢᠨ ᠡᠭᠦᠷᠭᠡ ᠬᠠᠷᠢ᠍ᠭᠤᠴᠠᠯᠭ᠎ᠠ ᠪᠠᠨ ᠨᠠᠷᠢ᠍ᠨ ᠬᠢᠨᠠᠮᠠᠭᠠᠶ ᠭᠦᠢᠴᠡᠳᠬᠡᠨ᠂ ᠢᠳ᠋ᠡᠪᠬᠢᠲᠡᠶ ᠪᠡᠷ ᠰᠠᠨᠠᠯ ᠵᠦ᠋ᠪᠯᠡᠯᠭᠡ ᠲᠤᠷᠠᠳᠴᠤ᠂ ᠨᠠᠩ ᠣᠯᠠᠨ ᠦᠨᠳ᠋ᠦᠰᠦᠨ ᠱᠠᠲᠤᠨ ᠤ ᠠᠷᠠᠳ ᠤᠯᠠᠨ ᠤ ᠰᠡᠳᠬᠢᠯ ᠤᠨ ᠲᠠᠭᠤᠨ ᠪᠠ ᠠᠷᠠᠳ ᠣᠯᠠᠨ ᠤ ᠬᠦᠰᠡᠯ ᠡᠷᠡᠮᠡᠯᠵᠡᠯ ᠢ ᠶᠡᠬᠡ ᠬᠤᠷᠠᠯ ᠳᠡᠭᠡᠷ᠎ᠠ ᠳᠠᠮᠵᠢ᠍ᠭᠤᠯᠤᠨ᠂ ᠪᠣᠳ᠋ᠠᠲᠤ ᠠᠵᠢ᠍ᠯᠯᠠᠭ᠎ᠠ ᠪᠠᠷ ᠶᠢᠡᠨ ᠵᠠᠷᠤᠳ ᠬᠣᠰᠢ᠍ᠭᠤᠨ ᠤ ᠬᠥᠭ᠍ᠵᠢ᠍ᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ 《ᠠᠷᠪᠠᠨ ᠳᠥᠷᠪᠡᠳ᠋ᠦᠭᠡᠷ ᠲᠠᠪᠤᠨ ᠵᠢᠯ》᠋ ᠤᠨ ᠴᠣ᠋ ᠰᠢ᠍ᠨ᠎ᠠ ᠬᠠᠭᠤᠳ᠋ᠠᠰᠤ ᠶᠢ ᠰᠡᠬᠦᠬᠦ ᠳ᠋ᠦ ᠠᠷᠭ᠎ᠠ ᠤᠬᠠᠭᠠᠨ ᠬᠦᠴᠦᠨ ᠴᠢ᠍ᠳ᠋ᠠᠯ ᠶᠢᠡᠨ ᠡᠷᠭᠦᠨ᠂ ᠵᠠᠷᠤᠳ ᠬᠣᠰᠢ᠍ᠭᠤᠨ ᠤ ᠴᠢ᠍ᠨᠠᠷ ᠰᠠᠢ᠌ᠲᠠᠶ ᠬᠥᠭ᠍ᠵᠢ᠍ᠯᠲᠡ ᠳ᠋ᠦ ᠦᠷᠭᠦᠯᠵᠢ᠍ᠯᠡᠨ ᠣᠶᠤᠨ ᠤᠬᠠᠭᠠᠨ ᠪᠠ ᠬᠦᠴᠦᠨ ᠴᠢ᠍ᠳ᠋ᠠᠯ ᠶᠢᠡᠨ ᠨᠢ᠍ᠭᠲᠠᠷᠠᠭᠤᠯᠤᠨ᠎ᠠ ᠭᠡᠵᠦ ᠢᠯᠡᠳᠬᠡᠵᠡᠭᠡᠪᠡ᠃(ᠳ᠋ᠠᠢ ᠰᠢᠶᠦ᠋ᠩ)


ᠡᠮᠦᠨᠡᠬᠢ᠄ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠄ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ ᠶᠡᠬᠡ ᠬᠤᠷᠠᠯ ᠤᠨ ᠲᠡᠭᠦᠰ ᠠᠮᠵᠢᠯᠲᠠ ᠤᠯᠬᠤ ᠶᠢ ᠪᠠᠲᠤᠯᠠᠵᠦ ᠪᠠᠢᠭ᠎ᠠ
ᠳᠠᠷᠠᠭᠠᠬᠢ᠄ ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠥᠯᠥᠭᠡᠯᠡᠭ᠍ᠴᠢ  ᠶᠢᠨ ᠳᠤᠮᠳ᠋ᠠᠳ᠋ᠤ  ᠶᠢᠨ ᠦᠨᠳ᠋ᠦᠰᠦᠲᠡᠨ ᠦ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳ᠋ᠦᠪᠲᠦ ᠪᠣᠯᠪᠠᠰᠤᠷᠠᠯ ᠶᠠᠪᠤᠭᠳᠠᠪᠠ