ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠤ ᠲᠡᠷᠢ᠍ᠭᠦᠯᠡᠭ᠍ᠴᠢ᠍ᠳ ᠦᠨ ᠪᠦᠯᠬᠦᠮ ᠦᠨ ᠠᠩᠬᠠᠳ᠋ᠤᠭᠠᠷ ᠬᠤᠷᠠᠯ ᠬᠤᠷᠠᠯᠳ᠋ᠤᠪᠠ


3 ᠰᠠᠷ᠎ᠠ ᠶᠢᠨ 9᠋ ᠤ ᠡᠳ᠋ᠦᠷ ᠦᠨ ᠦᠳ᠋ᠡ ᠶᠢᠨ ᠬᠣᠢᠨ᠎ᠠ᠂ ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠤ ᠲᠡᠷᠢ᠍ᠭᠦᠯᠡᠭ᠍ᠴᠢ᠍ᠳ ᠦᠨ ᠪᠦᠯᠬᠦᠮ ᠦᠨ ᠠᠩᠬᠠᠳ᠋ᠤᠭᠠᠷ ᠬᠤᠷᠠᠯ ᠬᠤᠷᠠᠯᠳ᠋ᠤᠪᠠ᠃ ᠬᠣᠰᠢ᠍ᠭᠤᠨ ᠤ ᠤᠳ᠋ᠤᠷᠢ᠍ᠳ᠋ᠤᠯᠭ᠎ᠠ ᠪᠠᠢ ᠯᠢ ᠵᠦ᠂ ᠡᠷᠳ᠋ᠡᠨᠢᠬᠦᠦ᠂ ᠴᠧᠩ ᠫᠧᠩ ᠭᠠᠩ᠂ ᠡᠦ ᠴᠢ᠍ᠩ ᠬᠠᠶ᠂ ᠰᠦ᠋ᠨ ᠷᠦ᠋ ᠴᠢ᠍ᠦ᠂ ᠬᠠᠨ ᠹᠧᠩ ᠡᠤ᠂ ᠵᠠᠩ ᠬᠠᠨ ᠰᠦ᠋ᠩ ᠲᠡᠷᠢ᠍ᠭᠦᠯᠡᠭ᠍ᠴᠢ᠍ᠳ ᠦᠨ ᠲᠠᠢᠰᠠᠨ ᠤ ᠡᠮᠦᠨ᠎ᠠ ᠮᠦ᠋ᠷ ᠲᠤ ᠰᠠᠭᠤᠯᠴᠠᠭᠰᠨᠨ ᠪᠠ ᠲᠡᠷᠢ᠍ᠭᠦᠯᠡᠭ᠍ᠴᠢ᠍ᠳ ᠦᠨ ᠪᠦᠯᠬᠦᠮ ᠦᠨ ᠭᠡᠰᠢ᠍ᠭᠦᠳ ᠲᠡᠷᠢ᠍ᠭᠦᠯᠡᠭ᠍ᠴᠢ᠍ᠳ ᠦᠨ ᠲᠠᠢᠰᠠᠨ ᠳᠤ ᠰᠠᠭᠤᠯᠴᠠᠪᠠ᠃ ᠬᠤᠷᠠᠯ ᠢ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠳᠡᠳ᠋ ᠡᠷᠬᠢᠯᠡᠭ᠍ᠴᠢ ᠰᠥᠩ ᠯᠢ᠍ᠶᠠᠨ ᠾᠦ᠋ᠢ ᠡᠷᠭᠢᠯᠡᠪᠡ᠃


ᠬᠤᠷᠠᠯ ᠡᠴᠠ ᠲᠡᠷᠢ᠍ᠭᠦᠯᠡᠭ᠍ᠴᠢ᠍ᠳ ᠦᠨ ᠪᠦᠯᠬᠦᠮ ᠦᠨ ᠪᠠᠢ᠌ᠩᠭ᠋ᠤ ᠶᠢᠨ ᠲᠡᠷᠢ᠍ᠭᠦᠯᠡᠭ᠍ᠴᠢ᠂ ᠶᠡᠬᠡ ᠬᠤᠷᠠᠯ ᠤᠨ ᠳᠡᠳ᠋ ᠨᠠᠷᠢ᠍ᠨ ᠪᠢᠴᠢ᠍ᠭ᠌ ᠦᠨ ᠳᠠᠷᠤᠭ᠎ᠠ ᠵᠢ ᠰᠣᠩᠭ᠋ᠣᠨ ᠭᠠᠷᠭᠠᠪᠠ᠂ ᠶᠡᠬᠡ ᠬᠤᠷᠠᠯ ᠤᠨ ᠡᠳ᠋ᠦᠷ ᠦᠨ ᠳᠠᠷᠠᠭᠠᠯᠠᠯ ᠵᠢ᠍ᠴᠢ ᠭᠦᠢ᠍ᠴᠡᠳᠬᠡᠬᠦ ᠲᠡᠷᠢ᠍ᠭᠦᠯᠡᠭ᠍ᠴᠢ ᠶᠢᠨ ᠳᠤᠭᠤᠢᠯᠠᠩ ᠬᠤᠪᠢᠶᠠᠭᠰᠠᠨ ᠨᠡᠷᠡᠰ᠂ ᠰᠠᠨᠠᠯ ᠳᠤᠷᠠᠳ᠋ᠤᠯᠭᠠ ᠬᠤᠷᠢ᠍ᠶᠠᠬᠤ ᠴᠠᠭ ᠤᠨ ᠬᠢᠵᠠᠭᠠᠷ ᠪᠠ ᠰᠤᠩᠭ᠋ᠤᠭᠤᠯᠢ ᠶᠢᠨ ᠠᠷᠭ᠎ᠠ (ᠲᠦ᠋ᠰᠦᠯ)᠋ ᠶᠢ ᠬᠢᠨᠠᠨ ᠵᠦ᠋ᠪᠯᠡᠵᠦ ᠪᠠᠳ᠋ᠤᠯᠠᠪᠠ᠃(ᠳ᠋ᠠᠢ ᠰᠢᠶᠦ᠋ᠩ)