ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ᠁
ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠤ ᠲᠡᠷᠢ᠍ᠭᠦᠯᠡᠭ᠍ᠴᠢ᠍ᠳ ᠤᠨ ᠪᠦᠯᠬᠦᠮ ᠤᠨ ᠬᠣᠶᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ


        


        

        3 ᠰᠠᠷ᠎ᠠ ᠶᠢᠨ 10᠋ ᠤ ᠡᠳᠤᠷ ᠤᠨ ᠦᠳ᠋ᠡ ᠶᠢᠨ ᠬᠤᠢ᠌ᠨ᠎ᠠ᠂ ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠤ ᠲᠡᠷᠢ᠍ᠭᠦᠯᠡᠭ᠍ᠴᠢ᠍ᠳ ᠤᠨ ᠪᠦᠯᠬᠦᠮ  ᠤᠨ ᠬᠣᠶᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ᠃ ᠲᠡᠷᠢ᠍ᠭᠦᠯᠡᠭ᠍ᠴᠢ᠍ᠳ ᠤᠨ ᠪᠦᠯᠬᠦᠮ ᠤᠨ ᠪᠦᠷᠢ᠍ᠯᠳ᠋ᠦᠬᠦᠨ ᠪᠠᠢ ᠯᠢ ᠵᠦ᠂ ᠡᠷᠳ᠋ᠡᠨᠢᠬᠦᠦ᠂ ᠡᠦ ᠴᠢ᠍ᠩ ᠬᠠᠢ᠂ ᠰᠦ᠋ᠨ ᠷᠦ᠋ ᠴᠢ᠍ᠦ ᠬᠤᠷᠠᠯ ᠳᠤ ᠤᠷᠤᠯᠴᠠᠪᠠ᠃ ᠬᠤᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ  ᠤᠨ ᠶᠡᠬᠡ ᠬᠤᠷᠠᠯ ᠤᠨ ᠪᠠᠢᠩᠭᠤ ᠶᠢᠨ ᠬᠣᠷᠢ᠍ᠶᠠᠨ ᠤ ᠳᠡᠳ᠋ ᠡᠷᠬᠢᠯᠡᠭ᠍ᠴᠢ ᠪᠦ᠋ ᠮᠤᠤ ᠰᠢ᠍ᠶᠠᠩ ᠬᠤᠷᠠᠯ ᠡᠷᠭᠢᠯᠡᠪᠡ᠃ 

        
             ᠬᠤᠷᠠᠯ ᠡᠴᠡ ᠡᠯ᠎ᠠ ᠲᠥᠯᠥᠭᠡᠯᠡᠭ᠍ᠴᠢ᠍ᠳ ᠤᠨ ᠪᠦᠯᠬᠦᠮ ᠤᠨ ᠵᠠᠰᠠᠭ ᠤᠨ ᠣᠷᠳ᠋ᠣᠨ ᠤ ᠠᠵᠢ᠍ᠯ ᠤᠨ ᠢᠯᠡᠳᠬᠡᠯ᠂ ᠠᠷᠠᠳ ᠤᠨ ᠠᠮᠢ᠍ᠳ᠋ᠤᠷᠠᠯ ᠤᠨ ᠪᠣᠳ᠋ᠠᠲᠤ ᠲᠦᠷᠤᠯ ᠵᠤᠢᠯ᠂《ᠠᠷᠪᠠᠨ ᠳᠥᠷᠪᠡᠳ᠋ᠦᠭᠡᠷ ᠲᠠᠪᠤᠨ ᠵᠢᠯ》᠋ ᠤᠨ ᠲᠥᠯᠥᠪᠵᠢ᠍ᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ᠂ ᠠᠵᠦ ᠠᠬᠤᠢ ᠨᠡᠢ᠌ᠬᠡᠮ ᠤᠨ ᠬᠦᠭ᠍ᠵᠢ᠍ᠬᠦᠯᠦᠯᠳ᠋ᠡ ᠶᠢᠨ ᠲᠥᠯᠥᠪᠯᠡᠭᠡ᠂ ᠡᠳ᠋ ᠶᠢᠨ ᠵᠠᠰᠠᠭ ᠤᠨ ᠲᠥᠰᠦᠪ ᠪᠠ ᠰᠣᠩᠭ᠋ᠣᠭᠤᠯᠢ ᠶᠢᠨ ᠠᠷᠭ᠎ᠠ (ᠲᠥᠰᠦᠯ)᠋ ᠶᠢ ᠬᠢᠨᠠᠨ ᠵᠥᠪᠯᠡᠭ᠍ᠰᠡᠨ ᠪᠠᠢᠳ᠋ᠠᠯ ᠤᠨ ᠬᠠᠷᠢ᠍ᠭᠤ ᠮᠡᠳ᠋ᠡᠭᠦᠯᠦᠯᠲᠡ ᠶᠢ ᠰᠣᠨᠣᠰᠪᠠ᠃ 

        
            ᠬᠤᠷᠠᠯ ᠡᠴᠡ《ᠠᠷᠪᠠᠨ ᠳᠥᠷᠪᠡᠳ᠋ᠦᠭᠡᠷ ᠲᠠᠪᠤᠨ ᠵᠢᠯ》᠋ ᠤᠨ ᠲᠥᠯᠥᠪᠵᠢ᠍ᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ᠂ ᠲᠥᠯᠥᠪᠯᠡᠭᠡ᠂ ᠲᠥᠰᠦᠪ ᠢ ᠬᠢᠨᠠᠨ ᠪᠠᠢ᠌ᠴᠠᠭᠠᠭᠰᠠᠨ ᠦᠷ᠎ᠠ ᠳ᠋ᠦ᠋ᠩ ᠤᠨ ᠮᠡᠳ᠋ᠡᠭᠦᠯᠦᠯᠲᠡ (ᠲᠥᠰᠦᠯ)᠋ ᠶᠢ ᠬᠢᠨᠠᠨ ᠵᠥᠪᠯᠡᠵᠦ ᠪᠠᠲᠤᠯᠠᠪᠠ᠃ ᠠᠷᠠᠳ ᠤᠨ ᠠᠮᠢ᠍ᠳ᠋ᠤᠷᠠᠯ ᠤᠨ ᠪᠣᠳ᠋ᠠᠲᠤ ᠲᠥᠷᠥᠯ ᠵᠦ᠋ᠢᠯ ᠢ ᠠᠷᠠᠳ ᠤᠨ ᠲᠥᠯᠥᠭᠡᠯᠡᠭ᠍ᠴᠢ ᠪᠢᠯᠧᠲ ᠦᠭ᠍ᠴᠦ ᠪᠠᠳ᠋ᠤᠯᠠᠬᠤ ᠠᠷᠭ᠎ᠠ (ᠲᠥᠰᠦᠯ)᠋᠋ ᠵᠢ ᠬᠢᠨᠠᠨ ᠵᠥᠪᠯᠡᠵᠦ ᠪᠠᠲᠤᠯᠠᠪᠠ᠃ ᠵᠢᠱᠢ᠍ᠭ᠍ᠳ᠋ᠡᠭ᠍ᠴᠢ ᠶᠢ ᠨᠡᠷ᠎ᠠ ᠳᠤᠷᠠᠳᠬᠤ ᠴᠠᠭ ᠤᠨ ᠬᠢᠵᠠᠭᠠᠷ ᠢ ᠬᠢᠨᠠᠨ ᠵᠥᠪᠯᠡᠵᠦ ᠪᠠᠲᠤᠯᠠᠪᠠ᠃ ᠲᠡᠷᠢ᠍ᠭᠦᠯᠡᠭ᠍ᠴᠢ᠍ᠳ ᠤᠨ ᠪᠦᠯᠬᠦᠮ ᠡᠴᠡ ᠵᠢᠱᠢ᠍ᠭ᠍ᠳ᠋ᠡᠭ᠍ᠴᠢ ᠶᠢ ᠨᠡᠷ᠎ᠠ ᠳᠤᠷᠠᠳ᠋ᠤᠨ ᠲᠠᠨᠢᠯᠴᠠᠭᠤᠯᠪᠠ᠃(ᠳ᠋ᠠᠢ ᠰᠢᠶᠦ᠋ᠩ)


ᠡᠮᠦᠨᠡᠬᠢ᠄ ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯ ᠦᠪᠡᠳ᠋ᠡᠭ᠍ᠰᠢ ᠶᠡᠬᠡ ᠪᠠᠷ ᠬᠤᠷᠠᠯᠳ᠋ᠤᠪᠠ
ᠳᠠᠷᠠᠭᠠᠬᠢ᠄ ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠠᠪᠤᠳ᠋ᠤᠭᠠᠷ ᠬᠤᠷᠠᠯ ᠤᠨ ᠬᠣᠶᠠᠳ᠋ᠤᠭᠠᠷ ᠪᠥᠬᠥᠳ᠋ᠡ ᠬᠤᠷᠠᠯ ᠬᠤᠷᠠᠯᠳ᠋ᠤᠪᠠ