ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠠᠪᠤᠳ᠋ᠤᠭᠠᠷ ᠬᠤᠷᠠᠯ ᠠᠮᠵᠢ᠍ᠯᠳ᠋ᠠ ᠲᠡᠶ ᠲᠡᠭᠦᠰᠪᠡ

3 ᠰᠠᠷ᠎ᠠ ᠶᠢᠨ 11᠋᠋ ᠤ ᠦᠳ᠋ᠡ ᠶᠢᠨ ᠬᠣᠢ᠌ᠨ᠎ᠠ᠂ ᠬᠣᠶᠠᠷ ᠡᠳ᠋ᠦᠷ ᠶᠠᠪᠤᠭᠳ᠋ᠠᠭᠰᠠᠨ ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠲᠠᠪᠤᠳ᠋ᠤᠭᠠᠷ ᠬᠤᠷᠠᠯ ᠡᠯ᠎ᠠ ᠵᠥᠪᠯᠡᠬᠦ ᠵᠦ᠋ᠢᠯ ᠶᠢᠠᠨ ᠳᠠᠭᠤᠰᠬᠠᠵᠤ ᠠᠮᠵᠢ᠍ᠯᠲᠠ ᠲᠠᠶ ᠲᠡᠭᠦᠰᠪᠡ᠃

ᠥᠨᠥᠳ᠋ᠦᠷ ᠤᠨ ᠶᠡᠬᠡ ᠬᠤᠷᠠᠯ ᠤᠨ ᠭᠦᠢ᠍ᠴᠡᠳᠬᠡᠭ᠍ᠴᠢ ᠲᠡᠷᠢ᠍ᠭᠦᠯᠡᠭ᠍ᠴᠢ ᠪᠣᠯ ᠪᠠᠢ ᠯᠢ ᠵᠦ᠂ ᠡᠷᠳ᠋ᠡᠨᠢᠬᠦᠦ᠂ ᠴᠧᠩ ᠫᠧᠩ ᠭᠠᠩ᠂ ᠡᠦ ᠴᠢ᠍ᠩ ᠬᠠᠢ᠂ ᠵᠠᠩ ᠬᠠᠨ ᠰᠦ᠋ᠩ᠂ ᠡᠦ ᠰᠢ᠍ᠶᠣᠤ᠂ ᠪᠤᠤ ᠶᠢᠨ ᠮᠢ᠍ᠩ᠂ ᠪᠦᠬᠡᠪᠡᠶᠡᠷ᠂ ᠼᠦ᠋ᠢ ᠯᠧᠢ ᠯᠧᠢ᠂ ᠯᠢ ᠵᠢᠩ ᠬᠤᠸᠠ᠂ ᠳᠣᠷᠵᠢ᠂ ᠰᠡᠴᠡᠨᠪᠠᠲᠤ᠂ ᠫᠠᠨ ᠰᠢ᠍ᠶᠣᠤ ᠶᠢ᠍ᠩ ᠪᠣᠯᠤᠨ᠎ᠠ᠃ ᠪᠠᠢ ᠯᠢ ᠵᠦ᠂ ᠡᠷᠳ᠋ᠡᠨᠢᠬᠦᠦ᠂ ᠴᠧᠩ ᠫᠧᠩ ᠭᠠᠩ᠂ ᠡᠦ ᠴᠢ᠍ᠩ ᠬᠠᠢ᠂ ᠰᠦ᠋ᠨ ᠷᠦ᠋ ᠴᠢ᠍ᠦ᠂ ᠡᠦ ᠰᠢ᠍ᠶᠤᠤ᠂ ᠪᠦ᠋ ᠮᠤᠤ ᠰᠢ᠍ᠶᠠᠩ᠂ ᠦᠷᠡᠪᠡᠳ᠋ᠦ᠂ ᠰᠦ᠋ᠩ ᠯᠢ᠍ᠶᠠᠨ ᠾᠦ᠋ᠢ ᠲᠡᠷᠢ᠍ᠭᠦᠯᠡᠭ᠍ᠴᠢ᠍ᠳ ᠤᠨ ᠲᠠᠢ᠌ᠰᠠᠨ ᠤ ᠡᠮᠦᠨ᠎ᠠ ᠮᠥᠷ ᠲᠤ ᠰᠠᠭᠠᠲᠠᠪᠠ᠃ ᠶᠡᠬᠡ ᠬᠤᠷᠠᠯ ᠤᠨ ᠲᠡᠷᠢ᠍ᠭᠦᠯᠡᠭ᠍ᠴᠢ᠍ᠳ ᠤᠨ ᠪᠦᠯᠬᠦᠮ ᠤᠨ ᠪᠦᠷᠢ᠍ᠯᠳ᠋ᠦᠬᠦᠨ ᠲᠡᠷᠢ᠍ᠭᠦᠯᠡᠭ᠍ᠴᠢ᠍ᠳ ᠤᠨ ᠲᠠᠢ᠌ᠰᠠᠨ ᠳᠤ ᠰᠠᠭᠠᠲᠠᠪᠠ᠃ ᠶᠡᠬᠡ ᠬᠤᠷᠠᠯ ᠢ ᠬᠣᠰᠢ᠍ᠭᠤᠨ ᠨᠠᠮ ᠤᠨ ᠬᠣᠷᠢ᠍ᠶᠠᠨ ᠤ ᠱᠦ᠋ᠵᠢ ᠪᠠᠶ ᠯᠢ ᠵᠦ ᠡᠷᠭᠢᠯᠡᠪᠡ᠃

ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠤᠳᠤ ᠪᠠᠢᠭ᠎ᠠ ᠲᠦᠯᠤᠭᠡᠯᠡᠭᠴᠢ 179 ᠨᠡᠷᠡᠰ᠂ ᠲᠤᠰ ᠤᠳ᠋ᠠᠭᠠᠨ ᠤ ᠬᠤᠷᠠᠯ ᠳᠤ 165 ᠲᠥᠯᠥᠭᠡᠯᠡᠭ᠍ᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠣᠭ᠎ᠠ ᠳᠤ ᠨᠡᠢᠴᠡᠪᠡ᠃

ᠬᠤᠷᠠᠯ ᠡᠴᠡ《ᠵᠠᠰᠠᠭ ᠤᠨ ᠣᠷᠳ᠋ᠣᠨ ᠤ ᠠᠵᠢ᠍ᠯ ᠤᠨ ᠢᠯᠡᠳᠬᠡᠯ ᠤᠨ ᠲᠤᠬᠠᠶ ᠰᠢ᠍ᠢᠳᠪᠦᠷᠢ》《ᠵᠠᠷᠤᠳ ᠬᠣᠰᠢ᠍ᠭᠤᠨ ᠤ ᠤᠯᠤᠰ ᠠᠷᠠᠳ ᠤᠨ ᠠᠵᠤ ᠠᠬᠤᠶ ᠪᠠ ᠨᠡᠢ᠌ᠢᠭᠡᠮ ᠤᠨ ᠬᠦᠭ᠍ᠵᠢ᠍ᠬᠦᠯᠦᠯᠳ᠋ᠡ ᠶᠢᠨ ᠠᠷᠪᠠᠨ ᠳᠥᠷᠪᠡᠳ᠋ᠦᠭᠡᠷ ᠲᠠᠪᠤᠨ ᠵᠢᠯ ᠤᠨ ᠲᠥᠯᠥᠪᠵᠢ᠍ᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠤᠬᠠᠶ ᠰᠢ᠍ᠢᠳᠪᠦᠷᠢ》《ᠵᠠᠷᠤᠳ ᠬᠣᠰᠢ᠍ᠭᠤᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠢ᠌ᠭᠡᠮ ᠤᠨ ᠬᠦᠭ᠍ᠵᠢ᠍ᠬᠦᠯᠦᠯᠳ᠋ᠡ ᠶᠢᠨ ᠲᠥᠯᠥᠪᠯᠡᠭᠡ ᠶᠢ ᠬᠡᠷᠡᠭ᠍ᠵᠢ᠍ᠭᠦᠯᠦᠭ᠍ᠰᠡᠨ ᠪᠠᠢ᠌ᠳ᠋ᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠢ᠌ᠭᠡᠮ ᠤᠨ ᠬᠦᠭ᠍ᠵᠢ᠍ᠬᠦᠯᠦᠯᠳ᠋ᠡ ᠶᠢᠨ ᠲᠥᠯᠥᠪᠯᠡᠭᠡ ᠶᠢᠨ ᠲᠤᠬᠠᠶ ᠰᠢ᠍ᠢᠳᠪᠦᠷᠢ》《ᠵᠠᠷᠤᠳ ᠬᠣᠰᠢ᠍ᠭᠤᠨ ᠤ 2020 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭ᠍ᠵᠢ᠍ᠭᠦᠯᠦᠭ᠍ᠰᠡᠨ ᠪᠠᠢ᠌ᠳ᠋ᠠᠯ ᠵᠢᠴᠢ 2021 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠠᠶ ᠰᠢ᠍ᠢᠳᠪᠦᠷᠢ》《ᠵᠠᠷᠤᠳ ᠬᠣᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠠᠵᠢ᠍ᠯ ᠤᠨ ᠮᠡᠳᠡᠬᠦᠯᠤᠯᠳᠠ ᠶᠢᠨ ᠲᠤᠬᠠᠶ ᠰᠢ᠍ᠢᠳᠪᠦᠷᠢ》《ᠬᠣᠰᠢ᠍ᠭᠤᠨ ᠤ ᠠᠷᠠᠳ ᠤᠨ ᠰᠢ᠍ᠭᠦᠬᠦ ᠬᠣᠷᠢ᠍ᠶᠠᠨ ᠤ ᠠᠵᠢ᠍ᠯ ᠤᠨ ᠮᠡᠳ᠋ᠡᠭᠦᠯᠦᠯᠲᠡ ᠶᠢᠨ ᠲᠤᠬᠠᠶ ᠰᠢ᠍ᠢᠳᠪᠦᠷᠢ》《ᠬᠣᠰᠢ᠍ᠭᠤᠨ ᠤ ᠠᠷᠠᠳ ᠤᠨ ᠪᠠᠢ᠌ᠢᠴᠠᠭᠠᠬᠤ ᠬᠣᠷᠢ᠍ᠶᠠᠨ ᠤ ᠠᠵᠢ᠍ᠯ ᠤᠨ ᠮᠡᠳ᠋ᠡᠭᠦᠯᠦᠯᠲᠡ ᠶᠢᠨ ᠲᠤᠬᠠᠶ ᠰᠢ᠍ᠢᠳᠪᠦᠷᠢ》᠋᠋ ᠶᠢ ᠬᠢᠨᠠᠨ ᠵᠦ᠋ᠪᠯᠡᠵᠦ ᠪᠠᠳ᠋ᠣᠯᠠᠪᠠ᠃

ᠰᠢ᠍ᠨ᠎ᠠ ᠪᠡᠷ ᠰᠤᠩᠭ᠋ᠤᠭᠳ᠋ᠠᠭᠰᠠᠨ ᠬᠣᠰᠢ᠍ᠭᠤᠨ ᠤ ᠠᠷᠠᠳ ᠤᠨ ᠲᠥᠯᠥᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢ᠍ᠶᠠᠨ ᠤ ᠡᠷᠬᠢᠯᠡᠭ᠍ᠴᠢ ᠡᠦ ᠴᠢ᠍ᠩ ᠬᠠᠶ ᠲᠤᠰᠢ᠍ᠶᠠᠯ ᠡᠬᠦᠷᠭᠡᠯᠡᠬᠦ ᠶᠡᠷᠢ᠍ᠶᠠ ᠲᠠᠯᠪᠢᠪᠠ᠃


ᠰᠦ᠋ᠷ ᠵᠢ᠍ᠪᠬᠤᠯᠠᠩᠲᠤ ᠤᠯᠤᠰ ᠤᠨ ᠰᠦ᠋ᠯᠳ᠋ᠡ ᠳᠠᠭᠤᠤ ᠶᠢᠨ ᠠᠶ᠎ᠠ ᠳᠤᠮᠳ᠋ᠠ᠂ ᠪᠠᠢ ᠯᠢ ᠵᠦ ᠵᠠᠷᠤᠳ ᠬᠣᠰᠢ᠍ᠭᠤᠨ ᠤ ᠠᠷᠪᠠᠨ ᠵᠢ᠍ᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠠᠮᠵᠢ᠍ᠯᠳ᠋ᠠ ᠪᠡᠷ ᠲᠡᠭᠦᠰᠦᠭ᠍ᠰᠡᠨ ᠢ ᠲᠤᠩᠬᠠᠭᠯᠠᠪᠠ᠃(ᠳ᠋ᠠᠢ ᠰᠢᠶᠦ᠋ᠩ)