ᠵᠠᠷᠤᠳ ᠬᠤᠰᠢ᠍ᠭᠤᠨ ᠤ ᠤᠳ᠋ᠤᠷᠢ᠍ᠳ᠋ᠤᠯᠭ᠎ᠠ ᠪᠠ ᠲᠦ᠋ᠯᠦᠭᠡᠯᠡᠭ᠍ᠴᠢ᠍ᠳ ᠬᠠᠮᠳ᠋ᠤᠪᠠᠷ ᠵᠠᠰᠠᠭ ᠤᠨ ᠤᠷᠳ᠋ᠤᠨ ᠤ ᠠᠵᠢ᠍ᠯ ᠤᠨ ᠢᠯᠡᠳᠭᠡᠯ ᠵᠢᠴᠢ ᠪᠤᠰᠤᠳ ᠮᠡᠳ᠋ᠡᠭᠦᠯᠦᠯᠳ᠋ᠡ ᠶᠢ ᠬᠢᠨᠠᠵᠤ ᠶᠠᠷᠢ᠍ᠯᠴᠠᠪᠠ


3 ᠰᠠᠷ᠎ᠠ ᠶᠢᠨ 10᠋᠋ ᠤ ᠦᠳ᠋ᠡ ᠶᠢᠨ ᠡᠮᠦᠨ᠎ᠠ᠂ ᠵᠠᠷᠤᠳ ᠬᠤᠰᠢ᠍ᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠬᠡ ᠬᠤᠷᠠᠯ ᠤᠨ ᠲᠠᠪᠤᠳ᠋ᠤᠭᠠᠷ ᠬᠤᠷᠠᠯᠳ᠋ᠤᠭᠠᠨ ᠤ ᠨᠢ᠍ᠭᠡᠳ᠋ᠦᠭᠡᠷ ᠪᠦᠭᠦᠳ᠋ᠡ ᠬᠤᠷᠠᠯ ᠲᠡᠭᠦᠰᠦᠭ᠍ᠰᠡᠨ ᠦ ᠰᠡᠭᠦᠯᠡᠷ᠂ ᠬᠤᠷᠠᠯ ᠳᠤ ᠤᠷᠤᠯᠴᠠᠬᠤ ᠲᠦ᠋ᠯᠦᠭᠡᠯᠡᠭ᠍ᠴᠢ᠍ᠳ ᠲᠡᠭᠡᠳ᠋ᠦ ᠬᠡᠮᠵᠢ᠍ᠶᠡᠨ ᠦ ᠬᠠᠷᠢ᠍ᠭᠤᠴᠠᠯᠭᠠᠳ᠋ᠤ ᠰᠡᠳᠭᠢᠯᠭᠡ ᠶᠢ ᠡᠪᠦᠷᠯᠡᠨ ᠵᠠᠰᠠᠭ ᠤᠨ ᠤᠷᠳ᠋ᠤᠨ ᠤ ᠠᠵᠢ᠍ᠯ ᠤᠨ ᠢᠯᠡᠳᠭᠡᠯ ᠵᠢᠴᠢ ᠬᠠᠮᠢ᠍ᠶ᠎ᠠ ᠪᠦᠬᠦᠢ ᠮᠡᠳ᠋ᠡᠭᠦᠯᠦᠯᠳ᠋ᠡ ᠶᠢ ᠬᠢᠨᠠᠨ ᠪᠠᠳ᠋ᠤᠯᠠᠪᠠ᠃



ᠪᠠᠢ ᠯᠢ ᠵᠦ᠂ ᠡᠷᠳ᠋ᠡᠨᠢᠬᠦᠦ᠂ ᠴᠸᠩ ᠫᠧᠩ ᠭᠠᠩ᠂ ᠡᠦ ᠴᠢ᠍ᠩ ᠬᠠᠢ ᠵᠡᠷᠭᠡ ᠬᠤᠰᠢ᠍ᠭᠤᠨ ᠤ ᠤᠳ᠋ᠤᠷᠢ᠍ᠳ᠋ᠤᠯᠭ᠎ᠠ ᠲᠦ᠋ᠯᠦᠭᠡᠯᠡᠭ᠍ᠴᠢ᠍ᠳ ᠦᠨ ᠪᠦᠯᠬᠦᠮ ᠦᠨ ᠲᠤᠭᠤᠢ᠌ᠯᠠᠩ ᠤᠨ ᠶᠠᠷᠢ᠍ᠯᠴᠠᠭᠠᠨ ᠳᠤ ᠤᠷᠤᠯᠴᠠᠪᠠ᠃


ᠬᠤᠰᠢ᠍ᠭᠤᠨ ᠤ ᠨᠠᠮ ᠤᠨ ᠬᠤᠷᠢ᠍ᠶᠠᠨ ᠤ ᠱᠦ᠋ᠵᠢ ᠪᠠᠢ ᠯᠢ ᠵᠦ ᠯᠦ᠋ᠪᠸᠢ ᠪᠠᠯᠭᠠᠰᠤᠨ ᠤ ᠲᠦ᠋ᠯᠦᠭᠡᠯᠡᠭ᠍ᠴᠢ᠍ᠳ ᠦᠨ ᠪᠦᠯᠬᠦᠮ ᠳ᠋ᠦ ᠤᠷᠤᠯᠴᠠᠨ ᠬᠢᠨᠠᠨ ᠵᠦ᠋ᠪᠯᠡᠵᠦ᠂ ᠲᠡᠷᠡ ᠲᠦ᠋ᠯᠦᠭᠡᠯᠡᠭ᠍ᠴᠢ᠍ᠳ ᠦᠨ ᠶᠠᠷᠢ᠍ᠶ᠎ᠠ ᠢᠯᠡᠳᠭᠡᠯ ᠢ ᠨᠠᠷᠢ᠍ᠨ ᠬᠢᠨᠠᠮᠠᠭᠠᠢ ᠰᠤᠨᠤᠰᠴᠦ᠂ ᠨᠠᠷᠢ᠍ᠨ ᠨᠢ᠍ᠬᠲᠠ ᠲᠡᠮᠳ᠋ᠡᠭᠯᠡᠨ᠂ ᠶᠠᠳ᠋ᠠᠭᠤ ᠡᠴᠡ ᠠᠩᠭᠢᠵᠢ᠍ᠷᠠᠭᠤᠯᠬᠤ ᠪᠤᠭᠤᠮᠳ᠋ᠠ ᠰᠢ᠍ᠪᠳ᠋ᠤᠯᠬᠤ᠂ ᠬᠦᠳ᠋ᠡᠭᠡ ᠲᠤᠰᠬᠤᠨ ᠤ ᠰᠡᠷᠭᠦᠨ ᠮᠠᠨᠳ᠋ᠤᠯᠳ᠋ᠠ᠂ ᠮᠠᠯ ᠮᠠᠯᠵᠢ᠍ᠯ ᠤᠨ ᠬᠦᠭ᠍ᠵᠢ᠍ᠯᠳ᠋ᠡ᠂ ᠠᠮᠢ ᠠᠬᠤᠢ ᠶᠢᠨ ᠪᠤᠯᠪᠠᠰᠤᠨ ᠤ ᠪᠦᠳ᠋ᠦᠭᠡᠨ ᠪᠠᠢ᠌ᠭᠤᠯᠤᠯᠳ᠋ᠠ ᠵᠡᠷᠭᠡ ᠲᠠᠯ᠎ᠠ ᠶᠢᠨ ᠲᠤᠭᠤᠷᠢ᠍ᠨ ᠳᠤ ᠲᠦ᠋ᠯᠦᠭᠡᠯᠡᠭ᠍ᠴᠢ᠍ᠳ ᠲᠡᠶ ᠶᠠᠷᠢ᠍ᠯᠴᠠᠪᠠ᠃ (ᠯᠸᠢ ᠫᠠᠩ)